ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠨᠡᠷ ᠵᠢᠷᠦᠬᠡ ᠪᠠᠯᠭᠠᠰᠤᠨ ᠳᠤ᠁
ᠡᠦ ᠴᠢᠩ ᠬᠠᠢ ᠨᠡᠷ ᠵᠢᠷᠦᠬᠡ ᠪᠠᠯᠭᠠᠰᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠪᠠᠢ᠌ᠴᠠᠭᠠᠨ ᠰᠤᠳ᠋ᠤᠯᠪᠠ

      6 ᠰᠠᠷ᠎ᠠ ᠶᠢᠨ 8 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠯᠢᠦ ᠶᠤᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠼᠦ᠋ᠢ ᠯᠸᠢ ᠯᠸᠢ ᠵᠢᠷᠦᠬᠡ ᠪᠠᠯᠭᠠᠰᠤᠨ ᠳᠤ ᠭᠦᠨᠵᠡᠭᠡᠢ᠌ᠷᠡᠨ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠪᠠᠢ᠌ᠴᠠᠭᠠᠨ ᠰᠤᠳ᠋ᠤᠯᠪᠠ᠃ ᠬᠤᠰᠢᠭᠤᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠲᠤᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠭᠤᠤᠯ ᠬᠠᠷᠢᠭᠤᠴᠠᠯᠭᠠᠳ᠋ᠠᠨ ᠪᠠᠷ᠎ᠠ ᠪᠤᠯᠪᠠ᠃

         
          ᠡᠦ ᠴᠢᠩ ᠬᠠᠢ ᠨᠡᠷ ᠵᠢᠷᠦᠬᠡ ᠪᠠᠯᠭᠠᠰᠤᠨ ᠤ ᠰᠢᠩ ᠯᠦ᠋ᠩ ᠳ᠋ᠢ ᠲᠤᠰᠬᠤᠨ ᠤ ᠶᠠᠨ ᠰᠢᠦᠸᠠᠢ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠷᠴᠦ᠂ ᠲᠡᠵᠢᠭᠡᠨ ᠦᠷᠡᠵᠢᠭᠦᠯᠬᠦ ᠲᠠᠯᠠᠪᠠᠢ ᠶᠢ ᠠᠰᠢᠭᠯᠠᠯᠳ᠋ᠠ ᠳᠤ ᠤᠷᠤᠭᠤᠯᠬᠤ᠂ ᠡᠭᠦᠯᠳ᠋ᠡᠷ ᠰᠠᠢ᠌ᠵᠢᠷᠠᠭᠤᠯᠤᠨ ᠴᠢᠨᠠᠷ ᠢ ᠲᠡᠭᠡᠭ᠍ᠰᠢᠯᠡᠭᠦᠯᠬᠦ᠂ ᠠᠵᠤ ᠠᠬᠤᠢ ᠶᠢᠨ ᠦᠷ᠎ᠠ ᠠᠰᠢᠭ ᠪᠠ ᠲᠠᠢ᠌ᠴᠢᠯᠠᠬᠤ ᠦᠢᠯᠡᠳ᠋ᠦᠯ ᠵᠡᠷᠭᠡ ᠲᠠᠯ᠎ᠠ ᠪᠠᠷ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠤᠢ᠌ᠯᠠᠭᠠᠵᠤ᠂ ᠵᠢᠷᠦᠬᠡ ᠪᠠᠯᠭᠠᠰᠤᠨ ᠤ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠶᠡᠬᠡᠪᠡᠷ ᠠᠬᠢᠭᠤᠯᠤᠭᠰᠠᠨ ᠢ ᠭᠦᠢᠴᠡᠳ ᠨᠤᠳ᠋ᠠᠯᠠᠭᠰᠠᠨ ᠪᠦᠭᠡᠳ ᠱᠠᠭᠠᠷᠳ᠋ᠠᠭᠰᠠᠨ ᠨᠢ᠂ ᠵᠢᠷᠦᠬᠡ ᠪᠠᠯᠭᠠᠰᠤ ᠦᠬᠡᠷ ᠤᠨ ᠠᠵᠤ ᠦᠢᠯᠡᠰ ᠤᠨ ᠭᠦᠭ᠍ᠵᠢᠯᠳ᠋ᠡ ᠶᠢᠨ ᠲᠤᠮᠤ ᠶᠡᠬᠡ ᠵᠠᠪᠰᠢᠶᠠᠨ ᠢ ᠪᠠᠳ᠋ᠤ ᠡᠵᠡᠮᠰᠢᠨ᠂ 《ᠬᠤᠨᠢ ᠶᠢ ᠪᠠᠭᠠᠰᠬᠠᠵᠤ ᠦᠬᠡᠷ ᠢ ᠨᠡᠮᠡᠭ᠍ᠳ᠋ᠡᠭᠦᠯᠬᠦ᠂ ᠦᠬᠡᠷ ᠢ ᠨᠡᠮᠡᠭ᠍ᠳ᠋ᠡᠭᠦᠯᠵᠦ ᠮᠠᠯ ᠠᠵᠤ ᠠᠬᠤᠢ ᠶᠢ ᠬᠦᠭ᠍ᠵᠢᠭᠦᠯᠬᠦ᠂ ᠴᠢᠨᠠᠷ ᠢ ᠨᠢ ᠰᠠᠢ᠌ᠵᠢᠷᠠᠭᠤᠯᠤᠨ ᠦᠷ᠎ᠠ ᠠᠰᠢᠭ ᠢ ᠨᠢ ᠨᠡᠮᠡᠭ᠍ᠳ᠋ᠡᠭᠦᠯᠬᠦ》 ᠪᠠᠢ᠌ᠯᠳ᠋ᠤᠬᠤ ᠪᠤᠳ᠋ᠤᠯᠭ᠎ᠠ ᠶᠢ ᠭᠦᠨᠵᠡᠭᠡᠢ ᠬᠡᠷᠡᠭ᠍ᠵᠢᠭᠦᠯᠵᠦ᠂ ᠡᠭᠦᠯᠳ᠋ᠡᠷ ᠰᠠᠢ᠌ᠵᠢᠷᠠᠭᠤᠯᠬᠤ ᠮᠡᠷᠭᠡᠵᠢᠯ ᠢ ᠤᠯᠠᠮ ᠨᠢᠭᠡ ᠠᠯᠬᠤᠮ ᠴᠢᠩᠭ᠋ᠠᠳᠬᠠᠨ᠂ ᠴᠢᠨᠠᠷ ᠰᠠᠢ᠌ᠳ᠋ᠠᠢ ᠠᠯᠠᠰᠢᠨ ᠦᠬᠡᠷ ᠢ ᠲᠠᠰᠤᠷᠠᠯᠳ᠋ᠠ ᠦᠭᠡᠶ ᠪᠤᠢ᠌ᠵᠢᠭᠤᠯᠵᠤ᠂ ᠲᠠᠷᠢᠶᠠᠴᠢᠨ ᠮᠠᠯᠴᠢᠳ ᠤᠨ ᠤᠷᠤᠯᠭ᠎ᠠ ᠶᠢ ᠦᠷᠭᠦᠯᠵᠢᠯᠡᠨ ᠨᠡᠮᠡᠭ᠍ᠳ᠋ᠡᠭᠦᠯᠬᠦ ᠶᠢ ᠠᠬᠢᠭᠤᠯᠤᠨ᠂ ᠶᠠᠳ᠋ᠠᠭᠤ ᠡᠴᠡ ᠠᠩᠭᠢᠵᠢᠷᠠᠭᠤᠯᠤᠭᠰᠠᠨ ᠦᠷ᠎ᠠ ᠪᠦᠳ᠋ᠦᠭᠡᠯ ᠢ ᠪᠡᠬᠢᠵᠢᠭᠦᠯᠵᠦ᠂ ᠬᠦᠳ᠋ᠡᠭᠡ ᠲᠤᠰᠬᠤᠨ ᠢ ᠭᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠬᠤ ᠬᠡᠷᠡᠭ᠍ᠳ᠋ᠠᠢ ᠭᠡᠪᠡ᠃

         
           ᠲᠠᠷᠠᠭ᠎ᠠ ᠨᠢ᠂ ᠡᠦ ᠴᠢᠩ ᠬᠠᠢ ᠵᠠᠷᠤᠳ ᠬᠤᠰᠢᠭᠤᠨ ᠤ ᠪᠡᠭᠡᠵᠢᠩ ᠤᠨ ᠰᠡᠭᠡᠭᠡᠳ᠋ᠡᠨ ᠤ ᠲᠤᠷᠠᠰᠬᠠᠯ ᠤᠨ ᠤᠷᠳ᠋ᠤᠨ ᠳᠤ ᠬᠦᠷᠴᠦ ᠪᠠᠢ᠌ᠴᠠᠭᠠᠨ ᠰᠤᠳ᠋ᠤᠯᠪᠠ᠃ ᠡᠦ ᠴᠢᠩ ᠬᠠᠢ ᠡᠴᠡ᠂ ᠰᠡᠭᠡᠭᠡᠳ᠋ᠡᠨ ᠤ ᠤᠷᠳ᠋ᠤᠨ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠵᠢᠱᠢᠶ᠎ᠠ ᠦᠵᠡᠭᠦᠯᠬᠦ ᠬᠦᠮᠦᠵᠢᠯ ᠤᠨ ᠰᠠᠭᠤᠷᠢᠨ ᠤ ᠭᠠᠵᠠᠷ ᠤᠨ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠵᠤ᠂ ᠬᠢᠯᠡᠰ ᠴᠡᠭ᠌ ᠢ ᠢᠯᠡᠷᠡᠭᠦᠯᠦᠨ᠂ ᠤᠨᠴᠠᠯᠢᠭ ᠢ ᠲᠤᠪᠤᠢ᠌ᠯᠭᠠᠵᠤ᠂ ᠤᠬᠠᠭᠤᠯᠭ᠎ᠠ ᠬᠦᠮᠦᠵᠢᠯ ᠢ ᠴᠢᠩᠭ᠋ᠠᠳᠬᠠᠨ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠤᠳ᠋ᠤᠬᠠᠨ ᠤ ᠴᠢᠬᠤᠯᠠ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠠᠷᠠᠳ ᠤᠨ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠪᠤᠳ᠋ᠠᠳ᠋ᠤ ᠪᠠᠢ᠌ᠯᠳ᠋ᠤᠭᠠᠨ ᠤ ᠰᠤᠷᠢᠯᠳ᠋ᠠ ᠳᠤ ᠬᠦᠴᠦᠨ ᠨᠡᠮᠡᠷᠢᠯᠡᠪᠡ