ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠠᠷᠠᠳ ᠤᠨ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠪᠤᠳ᠋ᠠᠳ᠋ᠤ ᠪᠠᠢ᠌ᠯᠳ᠋ᠤᠭᠠᠨ ᠤ ᠰᠤᠷᠢᠯᠳ᠋ᠠ ᠳᠤ ᠬᠦᠴᠦᠨ ᠨᠡᠮᠡᠷᠢᠯᠡᠪᠡ

6 ᠰᠠᠷ᠎ᠠ ᠶᠢᠨ 9 ᠤ ᠡᠳ᠋ᠦᠷ᠂ ᠵᠠᠷᠤᠳ ᠬᠤᠰᠢᠭᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠵᠢᠯᠤᠭᠤᠳᠬᠤ ᠭᠠᠵᠠᠷ ᠯᠦ᠋ᠪᠸᠢ ᠪᠠᠯᠭᠠᠰᠤᠨ ᠤ ᠭᠤᠤᠯ ᠬᠤᠳ᠋ᠠ ᠶᠢᠨ ᠲᠤᠭᠤᠷᠢᠭ ᠲᠤ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠪᠤᠳ᠋ᠠᠳ᠋ᠤ ᠪᠠᠢ᠌ᠯᠳ᠋ᠤᠭᠠᠨ ᠤ ᠰᠤᠷᠢᠯᠳ᠋ᠠ ᠬᠢᠪᠡ᠃ ᠡᠭᠦᠷᠭᠡ ᠶᠢ ᠲᠤᠰᠤᠭᠰᠠᠨ ᠤ ᠲᠠᠷᠠᠭ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠲᠤᠰ ᠲᠤᠰ ᠲᠠᠭᠠᠭᠠᠴᠢᠯᠠᠭᠰᠠᠨ ᠨᠡᠢ᠌ᠭᠡᠮ ᠲᠤᠭᠤᠷᠢᠭ ᠤᠨ ᠦᠯᠢᠭᠡᠷ ᠠᠪᠬᠤ ᠴᠡᠭ᠌ ᠲᠤ ᠬᠦᠷᠴᠦ ᠪᠤᠳ᠋ᠠᠳ᠋ᠤ ᠪᠠᠢ᠌ᠯᠳ᠋ᠤᠭᠠᠨ ᠤ ᠪᠠᠴᠢᠮ ᠪᠠᠢ᠌ᠳ᠋ᠠᠯ ᠢ ᠠᠷᠭᠠᠴᠠᠬᠤ ᠰᠤᠷᠢᠯᠳ᠋ᠠ ᠶᠢᠨ ᠠᠵᠢᠯ ᠢ ᠪᠠᠢ᠌ᠴᠠᠭᠠᠨ ᠰᠤᠳ᠋ᠤᠯᠵᠤ ᠵᠢᠭᠠᠨ ᠵᠢᠯᠤᠭᠤᠳᠪᠠ᠃
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠲᠡᠷᠡ ᠲᠠᠷᠤᠢ ᠳ᠋ᠤᠨᠢ 6 ᠲᠤᠭᠤᠢ᠌ᠯᠠᠩ 19 ᠬᠦᠮᠦᠨ ᠢ ᠵᠤᠬᠢᠶᠠᠨ ᠪᠠᠢ᠌ᠭᠤᠯᠵᠤ ᠰᠢᠩ ᠬᠤᠸᠠ ᠨᠡᠢ᠌ᠭᠡᠮ ᠲᠤᠭᠤᠷᠢᠭ ᠲᠤ ᠬᠦᠷᠴᠦ ᠪᠦᠬᠦ ᠠᠷᠠᠳ ᠤᠨ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠠᠵᠢᠯ ᠳᠤ ᠪᠦᠬᠦ ᠬᠦᠴᠦᠨ ᠶᠢᠡᠷ ᠶᠢᠡᠨ ᠦᠢᠯᠡᠴᠢᠯᠡᠪᠡ᠃ (ᠨᠠᠢ᠌ᠷᠠᠭᠤᠯᠤᠭᠴᠢ᠄ ᠯᠸᠢ ᠫᠠᠩ)