ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ

6 ᠰᠠᠷ᠎ᠠ ᠶᠢᠨ 10 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠡ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠢᠭᠡᠳ᠋ᠦᠮᠡᠯ ᠹᠷᠤᠨᠲ ᠤᠨ ᠠᠵᠢᠯ ᠤᠨ ᠲᠦ᠋ᠷᠢᠮ》 《ᠱᠠᠰᠢᠨ ᠰᠤᠷᠳ᠋ᠠᠬᠤᠨ ᠤ ᠶᠠᠪᠤᠳ᠋ᠠᠯ ᠤᠨ ᠲᠦ᠋ᠷᠢᠮ》 《ᠤᠯᠤᠰ ᠤᠨ ᠠᠯᠪᠠᠳ᠋ᠠᠨ ᠤ ᠦᠨᠡᠨᠴᠢ ᠢᠳ᠋ᠡᠭᠡᠮᠵᠢ ᠶᠢᠨ ᠲᠦ᠋ᠷᠢᠮ》 《ᠤᠯᠤᠰ ᠤᠨ ᠠᠯᠪᠠᠳ᠋ᠠᠨ ᠤ ᠦᠢᠯᠡ ᠠᠵᠢᠯᠯᠠᠭᠠᠨ ᠤ ᠲᠦ᠋ᠷᠢᠮᠵᠢᠯ》 ᠢ ᠲᠦ᠋ᠪᠯᠡᠷᠡᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠤᠷᠤᠯᠴᠠᠯᠭ᠎ᠠ ᠳᠤ ᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃

ᠬᠤᠷᠠᠯ ᠲᠡᠭᠡᠷ᠎ᠠ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ 《ᠰᠤᠷᠭᠠᠭᠤᠯᠢ ᠲᠠᠪᠰᠢᠬᠤ ᠲᠠᠢ᠌ᠯᠠᠯᠭᠠ》 ᠶᠢᠨ ᠲᠤᠰᠬᠠᠢ ᠵᠠᠰᠠᠯᠳ᠋ᠠ ᠶᠢ ᠦᠷᠭᠦᠯᠵᠢᠯᠡᠨ ᠦᠷᠨᠢᠭᠦᠯᠬᠦ᠂ ᠠᠯᠪᠠᠨ ᠶᠠᠪᠤᠳ᠋ᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠯᠳ᠋ᠡ ᠬᠠᠮᠢᠶᠠᠷᠤᠯᠳ᠋ᠠ ᠶᠢ ᠲᠦ᠋ᠷᠢᠮᠵᠢᠭᠦᠯᠬᠦ᠂ 《ᠭᠤᠷᠪᠠᠨ ᠶᠠᠪᠤᠳ᠋ᠠᠯ》 ᠢ ᠢᠯᠡ ᠪᠤᠯᠭᠠᠬᠤ ᠵᠡᠷᠭᠡ ᠠᠵᠢᠯ ᠢ ᠯᠠᠪᠳ᠋ᠠᠭᠤᠨ ᠪᠠᠳ᠋ᠤᠳ᠋ᠠᠢ ᠠᠬᠢᠭᠤᠯᠬᠤ ᠶᠢᠨ ᠬᠠᠮᠳ᠋ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠢᠨᠠᠨ ᠬᠠᠮᠢᠶᠠᠷᠤᠯᠳ᠋ᠠ ᠶᠢ ᠴᠢᠩᠭ᠋ᠠᠳᠬᠠᠨ᠂ ᠦᠪᠡᠷ ᠢ ᠪᠠᠨ ᠬᠠᠮᠠᠭᠠᠯᠠᠬᠤ ᠤᠬᠠᠮᠰᠡᠷ ᠶᠢᠡᠨ ᠲᠡᠭᠡᠭ᠍ᠰᠢᠯᠡᠭᠦᠯᠵᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠲᠦ᠋ᠷᠦᠯ ᠤᠨ ᠡᠭᠦᠷᠭᠡ ᠶᠢ ᠴᠢᠩᠭ᠎ᠠ ᠨᠠᠢ᠌ᠳ᠋ᠠᠪᠤᠷᠢᠵᠢᠭᠤᠯᠬᠤ ᠵᠡᠷᠭᠡ ᠲᠠᠯ᠎ᠠ ᠪᠠᠷ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)