ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠪᠠᠢ᠌ᠴᠠᠭᠠᠨ ᠵᠢᠯᠤᠭᠤᠳᠪᠠ
6 ᠰᠠᠷ᠎ᠠ ᠶᠢᠨ 14 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠪᠠᠢ᠌ᠴᠠᠭᠠᠨ ᠵᠢᠯᠤᠭᠤᠳᠬᠤ ᠶᠢᠨ ᠬᠠᠮᠳ᠋ᠤ ᠬᠤᠳ᠋ᠠᠯᠳ᠋ᠤᠭᠠᠴᠢᠨ ᠤᠷᠢᠵᠤ ᠪᠡᠯᠡ ᠤᠷᠤᠭᠤᠯᠬᠤ ᠠᠵᠢᠯ ᠲᠡᠶ ᠤᠶᠠᠯᠳ᠋ᠤᠭᠤᠯᠤᠨ ᠵᠠᠬᠠᠨᠠᠭᠤᠷ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠭᠦᠨᠵᠡᠭᠡᠢ᠌ᠷᠡᠨ᠂ ᠬᠦᠷᠢᠶᠡᠯᠡᠩ ᠲᠤᠭᠤᠷᠢᠭ ᠳ᠋ᠡᠬᠢ ᠦᠢᠯᠡᠳᠪᠦᠷᠢᠯᠡᠯ ᠡᠵᠡᠩᠨᠡᠯᠳ᠋ᠡ ᠵᠤᠭᠰᠤᠭᠰᠠᠨ ᠠᠵᠤ ᠠᠬᠤᠢ᠌ᠯᠠᠯ ᠤᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠪᠠ᠃

ᠡᠦ ᠴᠢᠩ ᠬᠠᠢ ᠤᠷᠢᠳ ᠬᠤᠵᠢᠳ ᠪᠠᠶᠠᠷᠳ᠋ᠤᠬᠤᠰᠢᠭᠤ ᠭᠠᠴᠠᠭ᠎ᠠ᠂ ᠲᠦ᠋ᠪᠰᠢᠨ ᠭᠠᠴᠠᠭᠠᠨ ᠤ ᠭᠤᠤᠯ ᠤᠨ ᠵᠠᠮ ᠶᠢᠡᠷ ᠦᠶᠡᠷ ᠵᠠᠯᠠᠬᠤ᠂ ᠤᠰᠤᠨ ᠳᠤ ᠡᠪᠳ᠋ᠡᠭ᠍ᠳ᠋ᠡᠭ᠍ᠰᠡᠨ ᠵᠠᠮ᠂ ᠤᠯᠠᠨ ᠲᠦ᠋ᠮᠡᠨ ᠬᠤᠬᠢᠷᠠᠯ ᠠᠮᠰᠠᠭᠰᠠᠨ ᠵᠡᠷᠭᠡ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ᠂ ᠦᠶᠡᠷ ᠢ ᠰᠡᠷᠭᠡᠢ᠌ᠯᠡᠬᠦ ᠪᠡᠯᠡᠳᠭᠡᠯ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠡᠨᠡ ᠵᠢᠯ ᠤᠨ ᠦᠶᠡᠷ ᠢ ᠰᠡᠷᠭᠡᠢ᠌ᠯᠡᠬᠦ ᠠᠵᠢᠯ ᠢ ᠰᠠᠢ᠌ᠳ᠋ᠤᠷ ᠬᠢᠬᠦ ᠲᠤᠬᠠᠢ ᠲᠤᠳ᠋ᠤᠷᠬᠠᠢ ᠱᠠᠭᠠᠷᠳ᠋ᠠᠯᠭ᠎ᠠ ᠲᠤᠷᠠᠳᠪᠠ᠃
ᠡᠦ ᠴᠢᠩ ᠬᠠᠢ ᠡᠴᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳ᠋ᠤᠨ ᠤ ᠨᠢᠭᠡᠳ᠋ᠦᠯᠳ᠋ᠠᠢ ᠪᠠᠢ᠌ᠷᠢᠯᠠᠭᠤᠯᠤᠯᠳ᠋ᠠ ᠶᠢᠨ ᠱᠠᠭᠠᠷᠳ᠋ᠠᠯᠭ᠎ᠠ ᠪᠠᠷ᠂ ᠠᠰᠠᠭᠤᠳ᠋ᠠᠯ ᠶᠢᠡᠷ ᠤᠳ᠋ᠤᠷᠢᠳ᠋ᠤᠮᠵᠢ ᠪᠤᠯᠭᠠᠬᠤ ᠶᠢ ᠪᠠᠷᠢᠮᠳ᠋ᠡᠯᠡᠨ᠂ ᠤᠳ᠋ᠤᠬᠠᠨ ᠤ ᠤᠷᠤᠰᠢᠵᠤ ᠪᠠᠢ᠌ᠬᠤ ᠠᠰᠠᠭᠤᠳ᠋ᠠᠯ ᠪᠠ ᠲᠤᠳ᠋ᠠᠭᠳ᠋ᠠᠯ ᠲᠡᠶ ᠲᠠᠯ᠎ᠠ ᠶᠢ ᠨᠠᠷᠢᠨ ᠬᠢᠨᠠᠮᠠᠭᠠᠢ ᠵᠢᠭᠰᠠᠭᠠᠨ ᠪᠠᠢ᠌ᠴᠠᠭᠠᠵᠤ᠂ ᠭᠤᠷᠢᠳ᠋ᠠᠬᠤ ᠪᠤᠳ᠋ᠤᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠢᠯᠠᠨ ᠲᠠᠪᠠᠵᠤ᠂ ᠲᠠᠨᠢᠯᠳ᠋ᠠ ᠪᠠᠨ ᠲᠡᠭᠡᠭ᠍ᠰᠢᠯᠡᠭᠦᠯᠦᠨ᠂ ᠨᠠᠷᠢᠨ ᠨᠢᠭᠳ᠋ᠠ ᠪᠠᠢ᠌ᠷᠢᠯᠠᠭᠤᠯᠵᠤ᠂ ᠬᠠᠷᠢᠭᠤᠴᠠᠯᠭ᠎ᠠ ᠶᠢ ᠲᠤᠳ᠋ᠤᠷᠬᠠᠢ᠌ᠯᠠᠨ᠂ ᠤᠨᠴᠠᠭᠠᠢ᠌ᠯᠠᠨ ᠪᠠᠯᠭᠠᠰᠤ ᠲᠤᠰᠬᠤᠨ ᠤ ᠬᠤᠶᠠᠷ ᠱᠠᠳ᠋ᠤᠨ ᠤ ᠺᠠᠳ᠋ᠷ ᠬᠠᠷᠢᠶᠠᠳ᠋ᠤ ᠤᠷᠤᠨ ᠳ᠋ᠡᠬᠢ ᠭᠠᠵᠠᠷ ᠵᠦ᠋ᠢ ᠶᠢᠨ ᠭᠠᠢ ᠭᠠᠮᠰᠢᠭ ᠤᠨ ᠲᠠᠯᠳ᠋ᠠ ᠭᠡᠮ ᠤᠨ ᠴᠡᠭ᠌ ᠲᠤ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ᠂ ᠪᠠᠴᠢᠮ ᠪᠠᠢ᠌ᠳ᠋ᠠᠯ ᠢ ᠠᠷᠭᠠᠴᠠᠨ ᠰᠢ᠌ᠳᠪᠦᠷᠢᠯᠡᠬᠦ ᠲᠦ᠋ᠰᠦᠯ ᠢ ᠲᠡᠭᠦᠯᠳ᠋ᠡᠷᠵᠢᠭᠦᠯᠵᠦ᠂ ᠲᠠᠷᠦᠢ ᠲᠦ᠋ᠷᠭᠡᠨ ᠬᠦᠳ᠋ᠡᠯᠦᠯᠴᠡᠨ ᠤᠰᠤᠨ ᠳᠤ ᠡᠪᠳ᠋ᠡᠭ᠍ᠳ᠋ᠡᠭ᠍ᠰᠡᠨ ᠵᠠᠮ᠂ ᠬᠡᠷᠡᠮ᠂ ᠬᠠᠰᠢᠶ᠎ᠠ ᠰᠠᠷᠠᠪᠴᠢ ᠶᠢ ᠵᠠᠰᠠᠨ ᠰᠡᠯᠪᠢᠬᠦ ᠶᠢᠨ ᠬᠠᠮᠳ᠋ᠤ ᠦᠶᠡᠷ ᠢ ᠰᠡᠷᠭᠡᠢ᠌ᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨᠴᠢ ᠮᠡᠳ᠋ᠡᠯᠭᠡ ᠶᠢ ᠤᠬᠠᠭᠤᠯᠤᠨ᠂ ᠦᠶᠡᠷ ᠢ ᠰᠡᠷᠭᠡᠢ᠌ᠯᠡᠵᠦ ᠭᠠᠮᠰᠢᠭ ᠡᠴᠡ ᠠᠪᠤᠷᠠᠬᠤ ᠡᠳ᠋ ᠪᠤᠳ᠋ᠠᠰ ᠢ ᠨᠦ᠋ᠭᠡᠴᠡᠯᠡᠬᠦ᠂ ᠠᠶᠤᠯ ᠡᠴᠡ ᠠᠪᠤᠷᠠᠨ ᠲᠤᠰᠠᠯᠠᠬᠤ᠂ ᠵᠢᠵᠢᠭᠦᠷᠯᠡᠨ ᠲᠤᠬᠢᠷᠠᠭᠤᠯᠬᠤ ᠵᠡᠷᠭᠡ ᠰᠡᠷᠭᠡᠢ᠌ᠯᠡᠬᠦ ᠠᠵᠢᠯ ᠢ ᠰᠠᠢ᠌ᠳ᠋ᠤᠷ ᠬᠢᠵᠦ᠂ ᠪᠠᠢ᠌ᠭᠠᠯᠢ ᠶᠢᠨ ᠭᠠᠮᠰᠢᠭ ᠢ ᠢᠳ᠋ᠡᠪᠬᠢᠳ᠋ᠠᠢ ᠠᠷᠭᠠᠴᠠᠨ᠂ ᠤᠯᠠᠨ ᠲᠦ᠋ᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦ᠋ᠪᠰᠢᠨ ᠢ ᠦᠨᠡᠨᠬᠦ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)