ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠪᠤᠯᠪᠠᠰᠤᠷᠠᠯ ᠦᠷᠨᠢᠭᠦᠯᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠴᠢᠷᠮᠠᠢ᠌ᠨ ᠲᠡᠭᠡᠭ᠍ᠰᠢᠯᠡᠭᠦᠯᠵᠦ ᠪᠠᠢ᠌ᠨ᠎ᠠ

       
             6 ᠰᠠᠷ᠎ᠠ ᠶᠢᠨ 17 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠸᠢᠳᠢᠣ᠋ ᠬᠤᠷᠠᠯ ᠤᠨ ᠬᠡᠯᠪᠡᠷᠢ ᠪᠠᠷ ᠠᠷᠠᠳ ᠤᠨ ᠲᠦ᠋ᠯᠦᠭᠡᠯᠡᠭ᠍ᠴᠢᠳ ᠤᠨ  ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠤᠯᠪᠠᠰᠤᠷᠠᠯ ᠤᠨ ᠠᠩᠭᠢ ᠦᠷᠨᠢᠭᠦᠯᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠭᠦᠸᠸ ᠭᠤᠤᠯ ᠬᠤᠷᠠᠯ ᠤᠨ ᠲᠠᠯᠠᠪᠤᠷ ᠤᠨ ᠪᠤᠯᠪᠠᠰᠤᠷᠠᠯ  ᠳᠤ ᠰᠠᠭᠠᠳ᠋ᠠᠪᠠ᠃ ᠯᠦ᠋ᠪᠸᠢ ᠪᠠᠯᠭᠠᠰᠤᠨ ᠳᠤ ᠰᠠᠭᠤᠭ᠎ᠠ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠪᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠳ ᠭᠤᠤᠯ ᠬᠤᠷᠠᠯ ᠤᠨ ᠲᠠᠯᠠᠪᠤᠷ ᠤᠨ ᠪᠤᠯᠪᠠᠰᠤᠷᠠᠯ ᠳᠤ ᠤᠷᠤᠯᠴᠠᠪᠠ᠃ ᠡᠯ᠎ᠠ ᠰᠤᠮᠤ ᠪᠠᠯᠭᠠᠰᠤ᠂ ᠯᠦ᠋ᠪᠸᠢ ᠵᠡᠭᠡᠯᠢ ᠭᠤᠳ᠋ᠤᠮᠵᠢ ᠳᠤ ᠰᠠᠭᠤᠭ᠎ᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠬᠤᠪᠢᠶᠠᠷᠢ ᠬᠤᠷᠠᠯ ᠤᠨ ᠲᠠᠯᠠᠪᠤᠷ ᠤᠨ ᠪᠤᠯᠪᠠᠰᠤᠷᠠᠯ ᠳᠤ ᠤᠷᠤᠯᠴᠠᠪᠠ᠃

        

       ᠪᠤᠯᠪᠠᠰᠤᠷᠠᠯ ᠤᠨ ᠬᠤᠷᠠᠯ ᠲᠡᠭᠡᠷ᠎ᠠ᠂ ᠡᠦ ᠴᠢᠩ ᠬᠠᠢ ᠲᠦ᠋ᠪ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳ᠋ᠠ ᠶᠢᠨ ᠨᠠᠮ ᠤᠨ ᠬᠤᠷᠢᠶᠠᠨ ᠤ ᠦᠨᠳ᠋ᠦᠰᠦᠳ᠋ᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠠᠷᠬᠠᠭᠠᠪᠠ᠃ ᠬᠤᠷᠠᠯ ᠡᠴᠡ᠂  ᠶᠡᠷᠦᠩᠬᠡᠢ ᠱᠦ᠋ᠵᠢ ᠰᠢ ᠵᠢᠨ ᠫᠢᠩ ᠤᠨ ᠦᠨᠳ᠋ᠦᠰᠦᠳ᠋ᠡᠨ ᠤ ᠠᠵᠢᠯ ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ  ᠪᠦᠷᠢᠨ ᠵᠦ᠋ᠪ ᠤᠨᠤᠪᠴᠢᠳ᠋ᠠᠢ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦ᠋ᠪ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳ᠋ᠠ ᠶᠢᠨ ᠨᠠᠮ ᠤᠨ ᠬᠤᠷᠢᠶᠠᠨ ᠤ ᠰᠢ᠌ᠳᠪᠦᠷᠢᠳ᠋ᠦ ᠪᠤᠳ᠋ᠤᠯᠭ᠎ᠠ ᠪᠠᠢ᠌ᠷᠢᠯᠠᠭᠤᠯᠤᠯᠳ᠋ᠠ ᠲᠡᠭᠡᠷ᠎ᠠ ᠦᠨᠡᠨᠬᠦ ᠨᠢᠭᠡᠳᠭᠡᠨ᠂ ᠤᠳ᠋ᠤᠬᠢ ᠱᠠᠳ᠋ᠤᠨ ᠤ ᠨᠠᠮ ᠤᠨ ᠦᠨᠳ᠋ᠦᠰᠦᠳ᠋ᠡᠨ ᠤ ᠠᠵᠢᠯ ᠤᠨ ᠲᠡᠦᠬᠡᠨ ᠤᠷᠤᠨ ᠪᠠᠢ᠌ᠷᠢ ᠪᠠ ᠴᠢᠬᠤᠯᠠ ᠡᠭᠦᠷᠭᠡ ᠶᠢ ᠭᠦᠢᠴᠡᠳ ᠲᠠᠨᠢᠵᠤ᠂ ᠲᠤᠮᠳ᠋ᠠᠳ᠋ᠤ ᠤᠯᠤᠰ ᠤᠨ ᠤᠨᠴᠠᠯᠢᠭ ᠲᠡᠶ ᠦᠨᠳ᠋ᠦᠰᠦᠳ᠋ᠡᠨ ᠤ ᠠᠰᠠᠭᠤᠳ᠋ᠠᠯ ᠢ ᠰᠢ᠌ᠳᠪᠦᠷᠢᠯᠡᠬᠦ ᠵᠦ᠋ᠪ ᠵᠠᠮ ᠶᠢᠡᠷ ᠡᠷᠡᠰ ᠭᠤᠢ᠌ᠪᠢᠰᠢ ᠦᠭᠡᠶ ᠵᠠᠮᠨᠠᠵᠤ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠴᠢᠬᠤᠯᠠ ᠠᠴᠢ ᠬᠤᠯᠪᠤᠭᠳ᠋ᠠᠯ ᠪᠠ ᠴᠢᠬᠤᠯᠠ ᠬᠠᠷᠢᠴᠠᠭ᠎ᠠ ᠶᠢ ᠵᠦ᠋ᠪ ᠤᠨᠤᠪᠴᠢᠳ᠋ᠠᠢ ᠡᠵᠡᠮᠰᠢᠬᠦ ᠬᠡᠷᠡᠭ᠍ᠳ᠋ᠠᠢ︔ ᠠᠷᠠᠳ ᠤᠨ ᠲᠦ᠋ᠯᠦᠭᠡᠯᠡᠭ᠍ᠴᠢᠳ ᠤᠨ ᠵᠢᠱᠢᠶᠡᠴᠢ ᠲᠠᠭᠠᠭᠤᠯᠤᠭᠴᠢ ᠦᠢᠯᠡᠳ᠋ᠦᠯ ᠢ ᠢᠳ᠋ᠡᠪᠬᠢᠳ᠋ᠠᠢ ᠪᠠᠳ᠋ᠠᠷᠠᠭᠤᠯᠤᠨ᠂ ᠨᠡᠩ ᠤᠷᠭᠢᠯᠤᠮ᠎ᠠ ᠬᠠᠯᠠᠭᠤᠨ ᠰᠡᠳᠭᠢᠯᠭᠡ ᠪᠠᠷ ᠲᠦ᠋ᠯᠦᠭᠡᠯᠡᠭ᠍ᠴᠢᠳ ᠤᠨ ᠠᠵᠢᠯᠯᠠᠭ᠎ᠠ ᠶᠢ ᠪᠦᠳ᠋ᠦᠮᠵᠢᠳ᠋ᠠᠢ ᠦᠷᠨᠢᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠬᠤ ᠳᠤ ᠢᠳ᠋ᠡᠪᠬᠢᠳ᠋ᠠᠢ ᠬᠤᠪᠢ ᠨᠡᠮᠡᠷᠢ ᠦᠵᠡᠭᠦᠯᠦᠨ᠂ ᠰᠢᠯᠢᠳ᠋ᠡᠭ᠌ ᠬᠢᠷᠢ ᠪᠦᠳ᠋ᠦᠮᠵᠢ ᠪᠠᠷ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃

        

       
             ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠯᠤᠰ ᠲᠦ᠋ᠷᠦ ᠶᠢᠨ ᠤᠬᠠᠭᠠᠨ ᠤ ᠲᠡᠳ᠋ ᠫᠷᠦᠹᠸᠰᠰᠤᠷ ᠬᠠᠢ ᠹᠠᠩ 《ᠦᠨᠳ᠋ᠦᠰᠦᠳ᠋ᠡᠨ ᠤ ᠪᠦᠯᠬᠦᠮᠳ᠋ᠡᠯ ᠢ ᠴᠢᠩᠭ᠋ᠠᠳᠬᠠᠵᠤ᠂ ᠲᠤᠮᠳ᠋ᠠᠳ᠋ᠤ ᠤᠯᠤᠰ ᠤᠨ ᠤᠨᠴᠠᠯᠢᠭ ᠲᠡᠶ ᠦᠨᠳ᠋ᠦᠰᠦᠳ᠋ᠡᠨ ᠤ ᠠᠰᠠᠭᠤᠳ᠋ᠠᠯ ᠢ ᠰᠢ᠌ᠳᠪᠦᠷᠢᠯᠡᠬᠦ ᠵᠦ᠋ᠪ ᠵᠠᠮ ᠢ ᠪᠠᠷᠢᠮᠳ᠋ᠠᠯᠠᠶ᠎ᠠ》 ᠭᠡᠬᠦ ᠭᠤᠤᠯ ᠰᠡᠳ᠋ᠦᠪ ᠶᠢᠡᠷ ᠬᠢᠴᠢᠶᠠᠯ ᠲᠠᠢ᠌ᠯᠪᠤᠷᠢᠯᠠᠪᠠ᠃ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠢᠴᠢᠶᠠᠯ ᠬᠦᠮᠦᠵᠢᠯ ᠤᠨ ᠭᠠᠵᠠᠷ ᠤᠨ ᠡᠷᠬᠢᠯᠡᠭ᠍ᠴᠢ᠂ ᠬᠠᠦᠯᠢ ᠶᠢᠨ ᠤᠬᠠᠭᠠᠨ ᠤ ᠲᠤᠰᠬᠠᠢ ᠮᠡᠷᠭᠡᠵᠢᠯ ᠤᠨ ᠪᠠᠭᠰᠢ ᠰᠢᠦᠢ ᠰᠢᠦᠸᠡᠢ ᠲᠢᠩ 《ᠲᠦ᠋ᠯᠦᠭᠡᠯᠡᠭ᠍ᠴᠢᠳ ᠤᠨ ᠬᠠᠦᠯᠢ》 ᠪᠠᠷ ᠭᠤᠤᠯ ᠰᠡᠳ᠋ᠦᠪ ᠪᠤᠯᠭᠠᠨ ᠬᠢᠴᠢᠶᠠᠯ ᠲᠠᠢ᠌ᠯᠪᠤᠷᠢᠯᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ  ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ