ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ  ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ

        6 ᠰᠠᠷ᠎ᠠ ᠶᠢᠨ 22 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ᠂ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ ᠪᠤᠤ ᠯᠦ᠋ᠩ᠂ ᠼᠦ᠋ᠢ ᠯᠸᠢ ᠯᠸᠢ᠂ ᠯᠢ ᠴᠸᠩ ᠭᠦᠸᠸ ᠬᠤᠷᠠᠯ ᠳᠤ ᠰᠠᠭᠠᠳ᠋ᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ ᠬᠤᠷᠠᠯ ᠳᠤ ᠤᠷᠤᠯᠴᠠᠪᠠ᠃ ᠬᠤᠷᠠᠯ ᠢ ᠡᠦ ᠴᠢᠩ ᠬᠠᠢ ᠡᠷᠬᠢᠯᠡᠪᠡ᠃

       

        ᠬᠤᠷᠠᠯ ᠲᠡᠭᠡᠷ᠎ᠠ᠂ ᠡᠦ ᠴᠢᠩ ᠬᠠᠢ ᠡᠴᠡ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠬᠤᠷᠢᠶ᠎ᠠ (ᠨᠠᠮ ᠤᠨ ᠤᠳ᠋ᠤᠷᠢᠳᠬᠤ ᠲᠤᠭᠤᠢ᠌ᠯᠠᠩ) ᠶᠢᠨ ᠤᠨᠤᠯ ᠰᠤᠷᠤᠯᠴᠠᠬᠤ ᠭᠤᠤᠯ ᠲᠤᠭᠤᠢ᠌ᠯᠠᠩ ᠤᠨ ᠰᠤᠷᠤᠯᠴᠠᠬᠤ ᠲᠦ᠋ᠷᠢᠮ》《ᠨᠠᠮ ᠤᠨ ᠬᠤᠷᠢᠶ᠎ᠠ (ᠨᠠᠮ ᠤᠨ ᠤᠳ᠋ᠤᠷᠢᠳᠬᠤ ᠲᠤᠭᠤᠢ᠌ᠯᠠᠩ) ᠶᠢᠨ ᠲᠤᠤᠷ ᠰᠦ᠋ᠯᠵᠢᠶᠡᠨ ᠤ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦ᠋ᠷᠢᠮ ᠢ ᠬᠡᠷᠡᠭ᠍ᠵᠢᠭᠦᠯᠬᠦ ᠲᠤᠬᠠᠢ ᠨᠠᠮ ᠤᠨ ᠲᠦ᠋ᠪ ᠬᠤᠷᠢᠶᠠᠨ ᠤ ᠠᠯᠪᠠᠨ ᠲᠢᠩᠭᠢᠮ ᠤᠨ ᠨᠠᠷᠢᠨ ᠲᠦ᠋ᠷᠢᠮ》 ᠪᠤᠯᠤᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠤᠷ ᠰᠦ᠋ᠯᠵᠢᠶᠡᠨ ᠤ ᠠᠮᠤᠷ ᠲᠦ᠋ᠪᠰᠢᠨ ᠪᠠ ᠮᠡᠳ᠋ᠡᠭᠡ ᠵᠠᠩᠭᠢᠴᠢᠯᠠᠯᠳ᠋ᠠ ᠶᠢᠨ ᠬᠤᠷᠢᠶᠠᠨ ᠤ ᠲᠠᠪᠤᠳ᠋ᠤᠭᠠᠷ ᠤᠳ᠋ᠠᠭᠠᠨ ᠤ ᠬᠤᠷᠠᠯ ᠤᠨ ᠵᠤᠷᠢᠭ ᠰᠠᠨᠠᠭ᠎ᠠ ᠵᠡᠷᠭᠡ ᠠᠭᠤᠯᠭ᠎ᠠ ᠶᠢ ᠲᠠᠭᠠᠭᠤᠯᠤᠨ ᠰᠤᠷᠤᠯᠴᠠᠪᠠ᠃ 
                ᠬᠤᠷᠠᠯ ᠡᠴᠡ᠂ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ ᠪᠤᠯᠤᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ ᠨᠠᠮ ᠤᠨ ᠲᠦ᠋ᠪ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ᠂ ᠬᠤᠳ᠋ᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠲᠤᠬᠠᠢ ᠬᠠᠮᠢᠶ᠎ᠠ ᠪᠦᠬᠦᠢ ᠲᠤᠭᠳ᠋ᠠᠭᠠᠯ ᠪᠠ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠦᠵᠡᠯ ᠤᠬᠠᠮᠰᠡᠷ ᠤᠨ ᠬᠡᠯᠪᠡᠷᠢ ᠵᠢᠴᠢ ᠲᠤᠤᠷ ᠰᠦ᠋ᠯᠵᠢᠶᠡᠨ ᠤ ᠦᠵᠡᠯ ᠤᠬᠠᠮᠰᠡᠷ ᠤᠨ ᠬᠡᠯᠪᠡᠷᠢ ᠶᠢᠨ ᠲᠠᠯ᠎ᠠ ᠪᠠᠷ ᠬᠢ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠤᠯᠠᠮ ᠨᠢᠭᠡ ᠠᠯᠬᠤᠮ ᠴᠢᠩᠭ᠋ᠠᠳᠬᠠᠨ ᠰᠠᠢ᠌ᠵᠢᠷᠠᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠪᠤᠯᠪᠠᠰᠤᠷᠠᠯ ᠦᠷᠨᠢᠭᠦᠯᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠴᠢᠷᠮᠠᠢ᠌ᠨ ᠲᠡᠭᠡᠭ᠍ᠰᠢᠯᠡᠭᠦᠯᠵᠦ ᠪᠠᠢ᠌ᠨ᠎ᠠ
ᠳᠠᠷᠠᠭᠠᠬᠢ᠄ ᠵᠢ᠌ ᠴᠢᠶᠠᠩ ᠵᠠᠷᠤᠳ ᠬᠤᠰᠢᠭᠤᠨ ᠳᠤ ᠬᠦᠷᠴᠦ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠠᠵᠢᠯ ᠢ ᠪᠠᠢ᠌ᠴᠠᠭᠠᠨ ᠰᠤᠳ᠋ᠤᠯᠪᠠ