ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠸᠠᠩ ᠴᠢᠶᠦ᠋ᠩ ᠠᠷᠤ ᠬᠦᠨᠳ᠋ᠡᠯᠡᠨ ᠪᠠᠯᠭᠠᠰᠤᠨ ᠳᠤ ᠭᠦᠨᠵᠡᠭᠡᠢ᠌ᠷᠡᠨ ᠴᠢᠮᠡᠭᠡ ᠨᠡᠪᠳ᠋ᠡᠷᠡᠭᠦᠯᠭᠡ ᠶᠢᠨ ᠰᠠᠭᠤᠷᠢ ᠲᠦ᠋ᠭᠦᠭᠡᠷᠦᠮᠵᠢ ᠵᠢᠴᠢ ᠲᠤᠤᠷ ᠰᠦ᠋ᠯᠵᠢᠶᠡᠨ ᠤ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠢ ᠪᠠᠢ᠌ᠴᠠᠭᠠᠨ ᠵᠢᠯᠤᠭᠤᠳᠪᠠ


6 ᠰᠠᠷ᠎ᠠ ᠶᠢᠨ 16 ᠤ ᠡᠳ᠋ᠦᠷ᠂ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠸᠠᠩ ᠴᠢᠶᠦ᠋ᠩ ᠨᠡᠷ ᠠᠷᠤ ᠬᠦᠨᠳ᠋ᠡᠯᠡᠨ ᠪᠠᠯᠭᠠᠰᠤᠨ ᠳᠤ ᠭᠦᠨᠵᠡᠭᠡᠢ᠌ᠷᠡᠨ ᠴᠢᠮᠡᠭᠡ ᠨᠡᠪᠳ᠋ᠡᠷᠡᠭᠦᠯᠭᠡ ᠶᠢᠨ ᠰᠠᠭᠤᠷᠢ ᠲᠦ᠋ᠭᠦᠭᠡᠷᠦᠮᠵᠢ ᠵᠢᠴᠢ ᠲᠤᠤᠷ ᠰᠦ᠋ᠯᠵᠢᠶᠡᠨ ᠤ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠢ ᠪᠠᠢ᠌ᠴᠠᠭᠠᠨ ᠵᠢᠯᠤᠭᠤᠳᠴᠦ᠂ ᠬᠤᠰᠢᠭᠤᠨ ᠤ ᠵᠠᠰᠠᠭ ᠤᠨ ᠤᠷᠳ᠋ᠤᠨ ᠤ ᠬᠤᠰᠢᠭᠤᠨ ᠲᠡᠳ᠋ ᠲᠠᠷᠤᠭ᠎ᠠ ᠳ᠋ᠦ᠋ᠩ ᠭᠤᠸᠠᠩ ᠢᠦᠢ ᠵᠢᠴᠢ ᠰᠢᠯᠵᠢᠮᠡᠯ ᠮᠡᠳ᠋ᠡᠭᠡ ᠬᠤᠯᠪᠤᠭᠠᠨ ᠤ ᠡᠵᠡᠩᠨᠡᠯᠳ᠋ᠡ ᠶᠢᠨ ᠬᠤᠳ᠋ᠠᠯᠳ᠋ᠤᠭᠠᠨ ᠤ ᠬᠠᠷᠢᠭᠤᠴᠠᠯᠭᠠᠳ᠋ᠠᠨ᠂ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ᠂ ᠪᠠᠯᠭᠠᠰᠤᠨ ᠤ ᠨᠠᠮ ᠵᠠᠰᠠᠭ ᠤᠨ ᠤᠷᠳ᠋ᠤᠨ ᠤ ᠭᠤᠤᠯ ᠤᠳ᠋ᠤᠷᠢᠳ᠋ᠤᠯᠭ᠎ᠠ ᠪᠠᠷ᠎ᠠ ᠪᠤᠯᠵᠤ ᠪᠠᠢ᠌ᠴᠠᠭᠠᠨ ᠰᠤᠳ᠋ᠤᠯᠪᠠ᠃ (ᠨᠠᠢ᠌ᠷᠠᠭᠤᠯᠤᠭᠴᠢ᠄ ᠯᠸᠢ ᠫᠠᠩ)