ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ 《ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ》 ᠭᠤᠤᠯ ᠰᠡᠳ᠋ᠦᠪᠳ᠋ᠦ ᠰᠢᠷᠢᠰ ᠠᠵᠢᠯᠯᠠᠭ᠎ᠠ ᠦᠷᠨᠢᠭᠦᠯᠦᠨ ᠰᠡᠷᠡᠮᠵᠢᠯᠡᠭᠦᠯᠦᠨ ᠬᠦᠮᠦᠵᠢᠭᠦᠯᠬᠦ ᠫᠢᠯᠢᠮ ᠦᠵᠡᠪᠡ

       6 ᠰᠠᠷ᠎ᠠ ᠶᠢᠨ 24 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ 《ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ》ᠭᠤᠤᠯ ᠰᠡᠳ᠋ᠦᠪᠳ᠋ᠦ ᠰᠢᠷᠢᠰ ᠠᠵᠢᠯᠯᠠᠭ᠎ᠠ ᠦᠷᠨᠢᠭᠦᠯᠦᠨ ᠰᠡᠷᠡᠮᠵᠢᠯᠡᠭᠦᠯᠦᠨ ᠬᠦᠮᠦᠵᠢᠭᠦᠯᠬᠦ ᠫᠢᠯᠢᠮ ᠦᠵᠡᠪᠡ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠵᠦ᠂ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠳ ᠬᠤᠷᠠᠯ ᠳᠤ ᠤᠷᠤᠯᠴᠠᠪᠠ᠃

       
             ᠯᠢ ᠴᠸᠩ ᠭᠦᠸᠸ ᠡᠴᠡ᠂ ᠪᠦᠬᠦ ᠺᠠᠳ᠋ᠷ ᠠᠵᠢᠯᠳ᠋ᠡᠳ 《ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ》 ᠭᠤᠤᠯ ᠰᠡᠳ᠋ᠦᠪᠳ᠋ᠦ ᠰᠢᠷᠢᠰ ᠠᠵᠢᠯᠯᠠᠭ᠎ᠠ ᠪᠠᠷ ᠠᠵᠠ ᠵᠠᠪᠰᠢᠶᠠᠨ ᠪᠤᠯᠭᠠᠵᠤ᠂ ᠬᠡᠷᠡᠭ᠌ ᠶᠢᠡᠷ ᠲᠤᠯᠢ ᠪᠤᠯᠭᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠳ᠋ᠤ ᠴᠡᠭᠡᠵᠢᠯᠡᠵᠦ᠂ ᠬᠦᠰᠡᠯ ᠢᠳ᠋ᠡᠭᠡᠯ ᠶᠢᠡᠨ ᠪᠠᠳ᠋ᠤᠳᠬᠠᠨ᠂ ᠠᠷᠢᠭᠤᠨ ᠴᠢᠭᠡᠴᠢ ᠦᠵᠡᠯ ᠰᠠᠨᠠᠭᠠᠨ ᠤ ᠰᠠᠭᠤᠷᠢ ᠶᠢ ᠪᠡᠬᠢᠵᠢᠭᠦᠯᠵᠦ᠂ ᠠᠷᠢᠭᠤᠨ ᠴᠢᠭᠡᠴᠢ ᠪᠠᠷ ᠪᠡᠶ᠎ᠠ ᠪᠠᠨ ᠱᠠᠭᠠᠷᠳ᠋ᠠᠬᠤ ᠶᠤᠰᠤ ᠰᠤᠷᠳ᠋ᠠᠬᠤᠨ ᠢ ᠲᠡᠭᠡᠭ᠍ᠰᠢᠯᠡᠭᠦᠯᠦᠨ᠂ ᠡᠪ ᠬᠠᠮᠳ᠋ᠤᠴᠤᠳ ᠤᠨ ᠠᠮᠢᠨ ᠰᠤᠳ᠋ᠠᠰᠤ ᠶᠢ ᠢᠮᠠᠭᠳ᠋ᠠ ᠪᠠᠷᠢᠮᠳ᠋ᠠᠯᠠᠵᠤ᠂ ᠨᠠᠮ ᠤᠨ ᠰᠤᠷᠳ᠋ᠠᠯ ᠴᠢᠭᠡᠴᠢ ᠵᠠᠰᠠᠭ ᠤᠨ ᠪᠠᠢ᠌ᠭᠤᠯᠤᠯᠳ᠋ᠠ ᠪᠠ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠤᠳ᠋ᠠᠳ᠋ᠤ ᠠᠵᠢᠯᠯᠠᠭ᠎ᠠ ᠪᠠᠷ ᠶᠢᠡᠨ ᠨᠠᠮ ᠤᠨ ᠬᠤᠷᠢᠳ᠋ᠤᠭᠠᠷ ᠶᠡᠬᠡ ᠬᠤᠷᠠᠯ ᠢ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠬᠤ ᠬᠡᠷᠡᠭ᠍ᠳ᠋ᠡᠢ ᠭᠡᠵᠦ ᠴᠢᠩᠭ᠋ᠠᠳᠬᠠᠪᠠ᠃
             ᠬᠤᠷᠠᠯ ᠲᠡᠭᠡᠷ᠎ᠠ᠂ ᠯᠢ ᠴᠸᠩ ᠭᠦᠸᠸ ᠡᠴᠡ 《ᠰᠤᠷᠤᠯᠴᠠᠯᠭ᠎ᠠ ᠶᠢᠨ ᠬᠦᠴᠦᠷᠭᠡᠭ᠌ ᠤᠯᠤᠰ》 ᠤᠨ ᠲᠠᠪᠴᠠᠩ ᠢ ᠭᠦᠢᠴᠡᠳ ᠠᠰᠢᠭᠯᠠᠨ᠂ ᠬᠤᠪᠢ ᠪᠡᠶ᠎ᠠ ᠶᠢᠨ ᠴᠢᠳ᠋ᠠᠪᠤᠷᠢ ᠪᠠᠨ ᠲᠡᠭᠡᠭ᠍ᠰᠢᠯᠡᠭᠦᠯᠵᠦ᠂ ᠦᠶᠡᠷ ᠢ ᠰᠡᠷᠭᠡᠢ᠌ᠯᠡᠬᠦ ᠵᠢᠵᠢᠭᠦᠷ ᠤᠨ ᠡᠭᠡᠯᠵᠢ ᠶᠢ ᠦᠷᠭᠦᠯᠵᠢᠯᠡᠨ ᠴᠢᠩᠭ᠋ᠠᠳᠬᠠᠬᠤ ᠵᠡᠷᠭᠡ ᠬᠠᠮᠢᠶ᠎ᠠ ᠪᠦᠬᠦ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠨᠠᠢ᠌ᠷᠠᠭᠤᠯᠤᠭᠴᠢ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 《ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ》 ᠭᠤᠤᠯ ᠰᠡᠳ᠋ᠦᠪᠳ᠋ᠦ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠦᠷᠨᠢᠭᠦᠯᠪᠡ