ᠤᠳᠤ ᠶᠢᠨ ᠪᠠᠢ᠌ᠷᠢ᠄ ᠴᠢᠬᠤᠯᠠ ᠮᠡᠳᠡᠭᠡ → ᠵᠢ᠌ ᠴᠢᠶᠠᠩ ᠵᠠᠷᠤᠳ ᠬᠤᠰᠢᠭᠤᠨ ᠳᠤ ᠬᠦᠷᠴᠦ᠁
ᠵᠢ᠌ ᠴᠢᠶᠠᠩ ᠵᠠᠷᠤᠳ ᠬᠤᠰᠢᠭᠤᠨ ᠳᠤ ᠬᠦᠷᠴᠦ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠠᠵᠢᠯ ᠢ ᠪᠠᠢ᠌ᠴᠠᠭᠠᠨ ᠰᠤᠳ᠋ᠤᠯᠪᠠ

      6 ᠰᠠᠷ᠎ᠠ ᠶᠢᠨ 27 ᠤ ᠡᠳ᠋ᠦᠷ ᠡᠴᠡ 28 ᠤ ᠡᠳ᠋ᠦᠷ ᠪᠤᠯᠳ᠋ᠠᠯ᠎ᠠ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠵᠢ᠌ ᠴᠢᠶᠠᠩ ᠪᠠᠢ᠌ᠴᠠᠭᠠᠨ ᠰᠤᠳ᠋ᠤᠯᠬᠤ ᠲᠤᠭᠤᠢ᠌ᠯᠠᠩ ᠲᠠᠭᠠᠭᠤᠯᠤᠨ ᠮᠠᠨ ᠤ ᠬᠤᠰᠢᠭᠤᠨ  ᠳᠤ ᠢᠷᠡᠵᠦ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠠᠵᠢᠯ ᠢ ᠪᠠᠢ᠌ᠴᠠᠭᠠᠨ ᠰᠤᠳ᠋ᠤᠯᠪᠠ᠃ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠱᠢ ᠡᠾᠸᠦ ᠴᠦ᠋ᠨ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠼᠦ᠋ᠢ ᠯᠸᠢ ᠯᠸᠢ ᠪᠠᠷ᠎ᠠ ᠪᠤᠯᠤᠨ ᠪᠠᠢ᠌ᠴᠠᠭᠠᠨ ᠰᠤᠳ᠋ᠤᠯᠪᠠ᠃

       
           ᠵᠢ᠌ ᠴᠢᠶᠠᠩ ᠨᠡᠷ ᠤᠷᠢᠳ ᠬᠤᠵᠢᠳ ᠪᠠᠶᠠᠨᠳ᠋ᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭ᠎ᠠ᠂ ᠪᠠᠷᠠᠭᠤᠨ ᠪᠠᠶᠠᠨᠳ᠋ᠠᠯ᠎ᠠ ᠲᠤᠰᠬᠤᠨ᠂ ᠦᠪᠡᠷᠳ᠋ᠡᠬᠡᠨ ᠵᠠᠰᠠᠬᠤ ᠤᠷᠤᠨ ᠤ ᠴᠢᠨᠠᠷ ᠰᠠᠢ᠌ᠳ᠋ᠠᠢ ᠦᠨᠳ᠋ᠦᠷ ᠪᠦᠳ᠋ᠦᠮᠵᠢᠳ᠋ᠠᠢ ᠠᠮᠤ ᠪᠤᠳ᠋ᠠᠭ᠎ᠠ ᠨᠡᠮᠡᠭ᠍ᠳ᠋ᠡᠭᠦᠯᠬᠦ ᠵᠢᠱᠢᠶ᠎ᠠ ᠦᠵᠡᠭᠦᠯᠬᠦ ᠰᠠᠭᠤᠷᠢᠨ ᠭᠠᠵᠠᠷ᠂ ᠵᠠᠷᠤᠳ ᠬᠤᠰᠢᠭᠤᠨ ᠤ ᠬᠠᠢ ᠳ᠋ᠢ ᠯᠤᠤ ᠢᠳ᠋ᠡᠭᠡᠨ ᠤ ᠬᠢᠵᠠᠭᠠᠷᠳ᠋ᠤ ᠺᠤᠮᠫᠠᠨᠢ᠂ ᠬᠤᠩ ᠶᠸ ᠢᠮᠠᠭᠠᠨ ᠨᠤᠯᠤᠤᠷ ᠤᠨ ᠪᠦᠳ᠋ᠦᠭᠡᠭ᠍ᠳ᠋ᠡᠭᠦᠨ ᠤ ᠬᠢᠵᠠᠭᠠᠷᠳ᠋ᠤ ᠬᠠᠷᠢᠭᠤᠴᠠᠯᠭᠠᠳ᠋ᠤ ᠺᠤᠮᠫᠠᠨᠢ᠂ ᠬᠠᠨ ᠠᠭᠤᠯᠠ ᠤᠯᠤᠰ ᠤᠨ ᠲᠡᠰ ᠤᠨ ᠪᠠᠢ᠌ᠭᠠᠯᠢ ᠶᠢᠨ ᠬᠠᠮᠠᠭᠠᠯᠠᠯᠳ᠋ᠠ ᠶᠢᠨ ᠤᠷᠤᠨ᠂ ᠭᠡᠷᠴᠢᠯᠠᠭᠤ ᠰᠤᠮᠤ ᠶᠢᠨ ᠵᠤᠰᠠᠯᠠᠩ ᠤᠨ ᠮᠠᠯᠵᠢᠯ ᠤᠨ ᠲᠠᠯᠠᠪᠠᠢ ᠵᠡᠷᠭᠡ ᠭᠠᠵᠠᠷ ᠲᠤ ᠭᠦᠨᠵᠡᠭᠡᠢ᠌ᠷᠡᠨ᠂ ᠮᠠᠨ ᠤ ᠬᠤᠰᠢᠭᠤᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠦᠬᠡᠷ ᠤᠨ ᠠᠵᠤ ᠦᠢᠯᠡᠰ ᠤᠨ ᠭᠦᠭ᠍ᠵᠢᠯᠳ᠋ᠡ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠵᠡᠷᠭᠡ ᠠᠵᠢᠯ ᠢ ᠲᠤᠬᠠᠢ ᠶᠢᠨ ᠲᠠᠯᠠᠪᠤᠷ ᠲᠤᠨᠢ ᠤᠢ᠌ᠯᠠᠭᠠᠪᠠ᠃

         
          ᠵᠢ᠌ ᠴᠢᠶᠠᠩ ᠡᠴᠡ᠂ ᠶᠠᠳ᠋ᠠᠭᠤ ᠡᠴᠡ ᠠᠩᠭᠢᠵᠢᠷᠠᠭᠤᠯᠬᠤ ᠪᠤᠭᠤᠮᠳ᠋ᠠ ᠰᠢᠪᠳ᠋ᠤᠯᠬᠤ ᠲᠠᠢ᠌ᠯᠠᠯᠳ᠋ᠤᠭᠠᠨ ᠤ ᠦᠷ᠎ᠠ ᠪᠦᠳ᠋ᠦᠭᠡᠯ ᠢ ᠪᠡᠬᠢᠵᠢᠭᠦᠯᠦᠨ ᠦᠷᠭᠡᠳᠭᠡᠬᠦ ᠶᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠯᠤᠭ᠎ᠠ ᠪᠦᠳ᠋ᠦᠮᠵᠢᠳ᠋ᠠᠢ ᠵᠤᠯᠭᠠᠬᠤ ᠠᠵᠢᠯ ᠢ ᠭᠦᠨᠵᠡᠭᠡᠢ ᠠᠬᠢᠭᠤᠯᠤᠨ᠂ ᠭᠠᠴᠠᠭ᠎ᠠ ᠲᠤᠰᠬᠤᠨ ᠤ ᠬᠠᠮᠳ᠋ᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠢ᠌ᠷᠠᠭᠤᠯᠵᠤ᠂ ᠭᠠᠵᠠᠷ ᠤᠷᠤᠨ ᠤ ᠪᠤᠳ᠋ᠠᠳ᠋ᠠᠢ ᠪᠠᠢ᠌ᠳ᠋ᠠᠯ ᠳᠠᠭᠠᠨ ᠲᠤᠬᠢᠷᠠᠭᠤᠯᠤᠨ ᠤᠨᠴᠠᠯᠢᠭᠳ᠋ᠤ ᠠᠵᠤ ᠦᠢᠯᠡᠰ ᠢ ᠬᠦᠭ᠍ᠵᠢᠭᠦᠯᠦᠨ᠂ ᠠᠮᠤ ᠪᠤᠳ᠋ᠠᠭᠠᠨ ᠤ ᠠᠮᠤᠷ ᠲᠦ᠋ᠪᠰᠢᠨ ᠢ ᠪᠦᠬᠦ ᠬᠦᠴᠦᠨ ᠶᠢᠡᠷ ᠪᠠᠳ᠋ᠤᠯᠠᠵᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠡᠯ᠎ᠠ ᠵᠦ᠋ᠢᠯ ᠤᠨ ᠡᠭᠦᠷᠭᠡ ᠶᠢ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠬᠤ ᠶᠢ ᠠᠬᠢᠭᠤᠯᠬᠤ ᠬᠡᠷᠡᠭ᠍ᠳ᠋ᠠᠢ᠃ ᠠᠯᠠᠰᠢᠨ ᠦᠬᠡᠷ ᠤᠨ ᠠᠵᠤ ᠦᠢᠯᠡᠰ ᠢ ᠲᠠᠰᠤᠷᠠᠯᠳ᠋ᠠ ᠦᠭᠡᠶ ᠪᠤᠵᠠᠭᠠᠢ᠌ᠷᠠᠭᠤᠯᠤᠨ ᠬᠦᠴᠦᠷᠭᠡᠭ᠍ᠵᠢᠭᠦᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭ᠍ᠳ᠋ᠡᠭᠦᠯᠬᠦ ᠶᠢ ᠲᠠᠢ᠌ᠴᠢᠯᠠᠬᠤ ᠬᠡᠷᠡᠭ᠍ᠳ᠋ᠡᠢ ᠭᠡᠵᠦ ᠵᠢᠭᠠᠵᠤ ᠭᠠᠷᠭᠠᠪᠠ᠃
            ᠵᠢ᠌ ᠴᠢᠶᠠᠩ ᠡᠴᠡ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢ ᠰᠠᠢ᠌ᠳ᠋ᠤᠷ ᠬᠢᠵᠦ᠂ ᠠᠮᠢ ᠠᠬᠤᠢ ᠶᠢᠨ ᠲᠠᠪᠠᠭᠤᠯᠢᠭ ᠢ ᠪᠠᠳ᠋ᠠᠷᠠᠭᠤᠯᠵᠤ᠂ ᠦᠨᠳ᠋ᠦᠷ ᠲᠦ᠋ᠪᠰᠢᠨ ᠪᠦᠬᠦᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠪᠠᠷ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ  ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ
ᠳᠠᠷᠠᠭᠠᠬᠢ᠄ ᠸᠠᠩ ᠬᠤᠩ ᠬᠤᠸᠠ ᠮᠠᠨ ᠤ ᠬᠤᠰᠢᠭᠤᠨ ᠳᠤ ᠢᠷᠡᠵᠦ ᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠦᠳ᠋ᠦᠭᠡᠨ ᠪᠠᠢ᠌ᠭᠤᠯᠤᠯᠳ᠋ᠠ ᠵᠢᠴᠢ ᠲᠦ᠋ᠯᠦᠭᠡᠯᠡᠭ᠍ᠴᠢ ᠶᠢᠨ ᠠᠵᠢᠯ ᠢ ᠪᠠᠢ᠌ᠴᠠᠭᠠᠨ ᠰᠤᠳ᠋ᠤᠯᠪᠠ