ᠸᠠᠩ ᠬᠤᠩ ᠬᠤᠸᠠ ᠮᠠᠨ ᠤ ᠬᠤᠰᠢᠭᠤᠨ ᠳᠤ ᠢᠷᠡᠵᠦ ᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠦᠳ᠋ᠦᠭᠡᠨ ᠪᠠᠢ᠌ᠭᠤᠯᠤᠯᠳ᠋ᠠ ᠵᠢᠴᠢ ᠲᠦ᠋ᠯᠦᠭᠡᠯᠡᠭ᠍ᠴᠢ ᠶᠢᠨ ᠠᠵᠢᠯ ᠢ ᠪᠠᠢ᠌ᠴᠠᠭᠠᠨ ᠰᠤᠳ᠋ᠤᠯᠪᠠ
6 ᠰᠠᠷ᠎ᠠ ᠶᠢᠨ 29 ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠸᠠᠩ ᠬᠤᠩ ᠬᠤᠸᠠ ᠪᠠᠢ᠌ᠴᠠᠭᠠᠨ ᠰᠤᠳ᠋ᠤᠯᠬᠤ ᠲᠤᠭᠤᠢ᠌ᠯᠠᠩ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠦᠳ᠋ᠦᠭᠡᠨ ᠪᠠᠢ᠌ᠭᠤᠯᠤᠯᠳ᠋ᠠ ᠵᠢᠴᠢ ᠲᠦ᠋ᠯᠦᠭᠡᠯᠡᠭ᠍ᠴᠢ ᠶᠢᠨ ᠠᠵᠢᠯ ᠢ ᠪᠠᠢ᠌ᠴᠠᠭᠠᠨ ᠰᠤᠳ᠋ᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ ᠵᠢᠴᠢ ᠬᠡᠰᠡᠭ᠌ ᠠᠷᠠᠳ ᠤᠨ ᠲᠦ᠋ᠯᠦᠭᠡᠯᠡᠭ᠍ᠴᠢᠳ ᠪᠠᠷ᠎ᠠ ᠪᠤᠯᠪᠠ᠃
ᠸᠠᠩ ᠬᠤᠩ ᠬᠤᠸᠠ ᠨᠡᠷ ᠤᠷᠢᠳ ᠬᠤᠵᠢᠳ ᠠᠷᠤ ᠬᠦᠨᠳ᠋ᠡᠯᠡᠨ ᠪᠠᠯᠭᠠᠰᠤ᠂ ᠪᠠᠶᠠᠷᠳ᠋ᠤᠬᠤᠰᠢᠭᠤ ᠪᠠᠯᠭᠠᠰᠤ ᠵᠡᠷᠭᠡ ᠭᠠᠵᠠᠷ ᠲᠤ ᠭᠦᠨᠵᠡᠭᠡᠢ᠌ᠷᠡᠨ᠂ ᠲᠦ᠋ᠩᠯᠢᠶᠤᠤ ᠬᠤᠳ᠋ᠠ ᠶᠢᠨ ᠬᠤᠢ᠌ᠳ᠋ᠤ ᠬᠡᠰᠡᠭ᠌ ᠤᠨ ᠵᠠᠭᠤᠨ ᠲᠦ᠋ᠮᠡᠨ ᠮᠤ ᠪᠠᠢ᠌ᠭᠠᠯᠢ ᠶᠢᠨ ᠨᠤᠳ᠋ᠤᠭ ᠪᠡᠯᠴᠢᠭᠡᠷ ᠢ ᠪᠢᠳ᠋ᠡᠭᠦᠮᠵᠢᠯᠡᠨ ᠬᠠᠮᠠᠭᠠᠯᠠᠬᠤ᠂ 《ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠲᠦ᠋ᠯᠦᠭᠡᠯᠡᠭ᠍ᠴᠢ ᠶᠢᠨ ᠡᠭᠦᠷᠭᠡ ᠲᠤᠰᠢᠶᠠᠯ ᠶᠢᠡᠨ ᠭᠦᠢᠴᠡᠳᠭᠡᠬᠦ ᠵᠢᠴᠢ ᠲᠠᠩᠰᠠ ᠡᠪᠬᠡᠮᠡᠯ ᠤᠨ ᠬᠠᠮᠢᠶᠠᠷᠤᠯᠳ᠋ᠠ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠪᠢᠯᠸᠲ ᠦᠭ᠍ᠴᠦ ᠪᠠᠳ᠋ᠤᠯᠠᠬᠤ ᠲᠦ᠋ᠷᠢᠮ ᠤᠨ ᠠᠵᠢᠯ ᠪᠠ ᠲᠦ᠋ᠯᠦᠭᠡᠯᠡᠭ᠍ᠴᠢ ᠶᠢᠨ ᠪᠤᠯᠪᠠᠰᠤᠷᠠᠯ ᠤᠨ ᠠᠵᠢᠯ ᠦᠷᠨᠢᠭᠦᠯᠦᠭ᠍ᠰᠡᠨ ᠵᠡᠷᠭᠡ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠵᠤ ᠤᠢ᠌ᠯᠠᠭᠠᠪᠠ᠃
ᠲᠤᠬᠠᠢ ᠶᠢᠨ ᠲᠠᠯᠠᠪᠤᠷ ᠢ ᠪᠠᠢ᠌ᠴᠠᠭᠠᠨ ᠰᠤᠳ᠋ᠤᠯᠵᠤ ᠲᠠᠭᠤᠰᠤᠭᠰᠠᠨ ᠤ ᠲᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠤᠭᠰᠠᠨ ᠪᠦᠭᠡᠳ ᠬᠠᠮᠢᠶ᠎ᠠ ᠪᠦᠬᠦᠢ ᠠᠰᠠᠭᠤᠳ᠋ᠠᠯ ᠤᠨ ᠲᠤᠬᠠᠢ ᠰᠠᠨᠠᠯ ᠶᠢᠡᠨ ᠭᠦᠨᠵᠡᠭᠡᠢ ᠰᠤᠯᠢᠯᠴᠠᠪᠠ᠃ ᠸᠠᠩ ᠬᠤᠩ ᠬᠤᠸᠠ ᠡᠴᠡ᠂ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠳ᠋ᠡᠬᠢ ᠨᠠᠮ ᠤᠨ ᠪᠦᠬᠦ ᠲᠠᠯ᠎ᠠ ᠶᠢᠨ ᠤᠳ᠋ᠤᠷᠢᠳ᠋ᠤᠯᠭ᠎ᠠ ᠶᠢ ᠪᠠᠷᠢᠮᠳ᠋ᠠᠯᠠᠵᠤ᠂ ᠨᠠᠮ ᠤᠨ ᠲᠦ᠋ᠪ ᠬᠤᠷᠢᠶ᠎ᠠ ᠪᠠ ᠠᠳ᠋ᠠᠯᠢ ᠱᠠᠳ᠋ᠤᠨ ᠤ ᠨᠠᠮ ᠤᠨ ᠬᠤᠷᠢᠶ᠎ᠠ ᠡᠴᠡ ᠲᠤᠰᠢᠶᠠᠭᠰᠠᠨ ᠠᠵᠢᠯ ᠤᠨ ᠡᠭᠦᠷᠭᠡ ᠶᠢ ᠲᠡᠷᠡ ᠶᠤᠰᠤᠭᠠᠷ ᠨᠢ ᠪᠡᠶᠡᠯᠡᠭᠦᠯᠬᠦ ᠶᠢ ᠪᠠᠳ᠋ᠤᠯᠠᠨ᠂ ᠠᠷᠠᠳ ᠤᠨ ᠲᠦ᠋ᠯᠦᠭᠡᠯᠡᠭ᠍ᠴᠢᠳ ᠤᠨ ᠠᠵᠢᠯ ᠤᠨ ᠡᠮᠬᠢ ᠵᠢᠷᠤᠮ ᠲᠡᠶ ᠦᠷᠨᠢᠭᠦᠯᠬᠦ ᠶᠢ ᠠᠬᠢᠭᠤᠯᠬᠤ ᠬᠡᠷᠡᠭ᠍ᠳ᠋ᠠᠢ︔ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢᠨ ᠪᠤᠯᠪᠠᠰᠤᠷᠠᠯ ᠢ ᠯᠠᠪᠳ᠋ᠠᠭᠤᠨ ᠪᠠᠳ᠋ᠤᠳ᠋ᠠᠢ ᠦᠷᠨᠢᠭᠦᠯᠦᠨ᠂ ᠪᠠᠢ᠌ᠭᠤᠯᠭ᠎ᠠ ᠶᠢᠨ ᠠᠵᠢᠯᠳ᠋ᠡᠳ ᠪᠠ ᠲᠦ᠋ᠯᠦᠭᠡᠯᠡᠭ᠍ᠴᠢᠳ ᠤᠨ ᠬᠡᠪ ᠴᠢᠨᠠᠷ ᠢ ᠪᠦᠬᠦ ᠲᠠᠯ᠎ᠠ ᠪᠠᠷ ᠲᠡᠭᠡᠭ᠍ᠰᠢᠯᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠲᠠᠬᠢᠨ ᠰᠢᠨ᠎ᠠ ᠨᠢᠭᠡ ᠲᠡᠭ᠍ᠳ᠋ᠡᠷ ᠲᠤ ᠭᠠᠷᠬᠤ ᠶᠢ ᠬᠦᠴᠦᠯᠡᠨ ᠠᠬᠢᠭᠤᠯᠵᠤ᠂ ᠵᠠᠷᠤᠳ ᠬᠤᠰᠢᠭᠤᠨ ᠤ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠳᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠪᠢ ᠨᠡᠮᠡᠷᠢ ᠶᠢ ᠦᠵᠡᠭᠦᠯᠬᠦ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠨᠠᠢ᠌ᠷᠠᠭᠤᠯᠤᠭᠴᠢ᠄ ᠯᠸᠢ ᠫᠠᠩ)