ᠤᠳᠤ ᠶᠢᠨ ᠪᠠᠢ᠌ᠷᠢ᠄ ᠴᠢᠬᠤᠯᠠ ᠮᠡᠳᠡᠭᠡ → ᠭᠦᠸᠸ ᠷᠦ᠋ᠨ ᠡᠳ᠋ ᠪᠠᠷᠠᠭ᠎ᠠ ᠶᠢᠨ ᠭᠦᠢᠯᠭᠡᠭᠡᠨ ᠤ᠁
ᠭᠦᠸᠸ ᠷᠦ᠋ᠨ ᠡᠳ᠋ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠤᠨ ᠲᠦ᠋ᠷᠦᠯ ᠵᠦ᠋ᠢᠯ ᠢ ᠠᠬᠢᠭᠤᠯᠬᠤ ᠬᠤᠷᠠᠯ ᠬᠤᠷᠠᠯᠳ᠋ᠤᠪᠠ

       
         6 ᠰᠠᠷ᠎ᠠ ᠶᠢᠨ 30 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠭᠦᠸᠸ ᠷᠦ᠋ᠨ ᠡᠳ᠋ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠤᠨ ᠲᠦ᠋ᠷᠦᠯ ᠵᠦ᠋ᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳ᠋ᠤᠭᠤᠯᠪᠠ᠃ ᠬᠤᠰᠢᠭᠤᠨ ᠤ ᠤᠷᠤᠨ ᠰᠠᠭᠤᠴᠠ ᠪᠠ ᠬᠤᠳ᠋ᠠ ᠬᠦᠳ᠋ᠡᠭᠡ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠲᠤᠪᠴᠢᠶ᠎ᠠ᠂ ᠪᠠᠴᠢᠮ ᠪᠠᠢ᠌ᠳ᠋ᠠᠯ ᠢ ᠠᠷᠭᠠᠴᠠᠬᠤ ᠲᠤᠪᠴᠢᠶ᠎ᠠ᠂ ᠪᠠᠢ᠌ᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠰᠤᠨ ᠤ ᠶᠠᠪᠤᠳ᠋ᠠᠯ ᠤᠨ ᠲᠤᠪᠴᠢᠶ᠎ᠠ᠂ ᠲᠦ᠋ᠩᠯᠢᠶᠤᠤ ᠬᠤᠳ᠋ᠠ ᠶᠢᠨ ᠠᠮᠢ ᠠᠬᠤᠢ ᠤᠷᠴᠢᠨ ᠲᠤᠭᠤᠷᠢᠨ ᠤ ᠲᠤᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠤᠪᠴᠢᠶ᠎ᠠ᠂ ᠤᠢ ᠰᠢᠭᠤᠢ ᠪᠠ ᠨᠤᠳ᠋ᠤᠭ ᠪᠡᠯᠴᠢᠭᠡᠷ ᠤᠨ ᠲᠤᠪᠴᠢᠶ᠎ᠠ᠂ ᠵᠠᠬᠠᠨᠠᠭᠤᠷ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠲᠤᠭᠤᠷᠢᠭ᠂ ᠤᠷᠤᠨ ᠪᠦᠰᠡ ᠶᠢᠨ ᠠᠵᠤ ᠠᠬᠤᠢ ᠶᠢᠨ ᠬᠠᠮᠳ᠋ᠤᠷᠠᠯᠴᠠᠭᠠᠨ ᠤ ᠦᠢᠯᠡᠴᠢᠯᠡᠭᠡᠨ ᠤ ᠲᠦ᠋ᠪ ᠵᠡᠷᠭᠡ ᠪᠠᠢ᠌ᠭᠤᠯᠭ᠎ᠠ ᠶᠢᠨ ᠬᠤᠪᠢᠳ᠋ᠠᠨ ᠬᠠᠮᠢᠶᠠᠷᠬᠤ ᠤᠳ᠋ᠤᠷᠢᠳ᠋ᠤᠯᠭ᠎ᠠ ᠪᠤᠯᠤᠨ ᠲᠦ᠋ᠩᠯᠢᠶᠤᠤ ᠬᠤᠳ᠋ᠠ ᠶᠢᠨ ᠭᠦᠸᠸ ᠷᠦ᠋ᠨ ᠠᠷᠠᠯᠵᠢᠶ᠎ᠠ ᠬᠤᠳ᠋ᠠᠯᠳ᠋ᠤᠭᠠᠨ ᠤ ᠬᠢᠵᠠᠭᠠᠷᠳ᠋ᠤ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠬᠦᠳ ᠬᠤᠷᠠᠯ ᠳᠤ ᠤᠷᠤᠯᠴᠠᠪᠠ᠃

        
        ᠬᠤᠷᠠᠯ ᠲᠡᠭᠡᠷ᠎ᠠ᠂ ᠡᠯ᠎ᠠ ᠡᠭᠦᠷᠭᠡ ᠴᠢᠳ᠋ᠠᠪᠬᠢᠳ᠋ᠤ ᠰᠠᠯᠠᠭ᠎ᠠ ᠮᠦ᠋ᠴᠢᠷ ᠤᠨ ᠬᠢᠨ ᠭᠦᠸᠸ ᠷᠦ᠋ᠨ ᠡᠳ᠋ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠤᠨ ᠲᠦ᠋ᠷᠦᠯ ᠵᠦ᠋ᠢᠯ ᠤᠨ ᠨᠠᠢ᠌ᠳ᠋ᠠᠪᠤᠷᠢᠵᠢᠭᠤᠯᠤᠯᠳ᠋ᠠ ᠶᠢᠨ ᠠᠬᠢᠴᠠ ᠶᠢᠨ ᠪᠠᠢ᠌ᠳ᠋ᠠᠯ ᠢ ᠬᠠᠷᠢᠭᠤ ᠮᠡᠳ᠋ᠡᠭᠦᠯᠦᠨ᠂ ᠭᠦᠸᠸ ᠷᠦ᠋ᠨ ᠠᠷᠠᠯᠵᠢᠶ᠎ᠠ ᠬᠤᠳ᠋ᠠᠯᠳ᠋ᠤᠭᠠᠨ ᠤ ᠬᠢᠵᠠᠭᠠᠷᠳ᠋ᠤ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤᠳ᠋ᠤᠬᠠᠨ ᠤ ᠲᠦ᠋ᠷᠦᠯ ᠵᠦ᠋ᠢᠯ ᠤᠨ ᠠᠬᠢᠴᠠ ᠳᠤ ᠲᠤᠯᠭᠠᠷᠠᠵᠤ ᠪᠠᠢ᠌ᠬᠤ ᠬᠦᠴᠢᠷᠳ᠋ᠡᠯ ᠪᠠ ᠠᠰᠠᠭᠤᠳ᠋ᠠᠯ ᠳᠤ ᠶᠠᠷᠢᠶ᠎ᠠ ᠢᠯᠡᠳᠭᠡᠯ ᠬᠢᠵᠦ᠂ ᠡᠯ᠎ᠠ ᠡᠭᠦᠷᠭᠡ ᠴᠢᠳ᠋ᠠᠪᠬᠢᠳ᠋ᠤ ᠰᠠᠯᠠᠭ᠎ᠠ ᠮᠦ᠋ᠴᠢᠷ ᠲᠤᠰ ᠪᠡᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠨᠳ᠋ᠦᠰᠦᠯᠡᠨ ᠠᠵᠤ ᠠᠬᠤᠢ᠌ᠯᠠᠯ ᠤᠨ ᠲᠤᠯᠭᠠᠷᠠᠵᠤ ᠪᠠᠢ᠌ᠭ᠎ᠠ ᠠᠰᠠᠭᠤᠳ᠋ᠠᠯ ᠳᠤ ᠨᠢᠭᠡᠳ ᠨᠢᠭᠡ ᠪᠠᠷ ᠬᠠᠷᠢᠭᠤᠯᠳ᠋ᠠ ᠦᠭ‍ᠬᠦᠭ᠍ᠰᠡᠨ ᠪᠦᠭᠡᠳ ᠵᠢᠯᠤᠭᠤᠳᠬᠤ ᠴᠢᠨᠠᠷᠳ᠋ᠠᠢ ᠰᠠᠨᠠᠭᠤᠯᠭ᠎ᠠ ᠲᠤᠷᠠᠳᠪᠠ᠃

         
        ᠡᠦ ᠴᠢᠩ ᠬᠠᠢ ᠡᠴᠡ᠂ ᠡᠯ᠎ᠠ ᠰᠠᠯᠠᠭ᠎ᠠ ᠮᠦ᠋ᠴᠢᠷ ᠤᠨ ᠬᠢᠨ ᠲᠤᠯᠭᠠᠮ᠎ᠠ ᠰᠡᠳᠭᠢᠯᠭᠡ ᠪᠠ ᠲᠦ᠋ᠭ᠍ᠰᠢᠭᠦᠷᠢᠳ᠋ᠦ ᠰᠡᠳᠭᠢᠯᠭᠡ ᠶᠢ ᠦᠨᠡᠨᠬᠦ ᠲᠡᠭᠡᠭ᠍ᠰᠢᠯᠡᠭᠦᠯᠦᠨ᠂ ᠠᠬᠢᠴᠠ ᠪᠠᠨ ᠲᠦ᠋ᠷᠭᠡᠳᠭᠡᠵᠦ᠂ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠶᠢᠨ ᠬᠤᠷᠳ᠋ᠤᠴᠠ ᠶᠢ ᠲᠦ᠋ᠷᠭᠡᠳᠭᠡᠬᠦ ᠬᠡᠷᠡᠭ᠍ᠳ᠋ᠠᠢ︔ ᠡᠯ᠎ᠠ ᠰᠠᠯᠠᠭ᠎ᠠ ᠮᠦ᠋ᠴᠢᠷ ᠤᠨ ᠬᠢᠨ ᠤᠳ᠋ᠤᠬᠠᠨ ᠤ ᠲᠦ᠋ᠷᠦᠯ ᠵᠦ᠋ᠢᠯ ᠢ ᠲᠠᠷᠢᠭᠦᠨ ᠤ ᠴᠢᠬᠤᠯᠠ ᠶᠡᠬᠡ ᠶᠠᠪᠤᠳ᠋ᠠᠯ ᠪᠤᠯᠭᠠᠨ ᠠᠳᠬᠤᠵᠤ᠂ ᠪᠦᠬᠦᠯᠢ ᠴᠤᠭᠴᠠ ᠶᠢᠨ ᠲᠦ᠋ᠷᠦᠯ ᠵᠦ᠋ᠢᠯ ᠤᠨ ᠠᠮᠤᠷ ᠲᠦ᠋ᠪᠰᠢᠨ᠂ ᠡᠮᠬᠢ ᠵᠢᠷᠤᠮ᠂ ᠤᠷᠤᠭᠰᠢᠳ᠋ᠠᠢ ᠶᠠᠪᠤᠭᠳ᠋ᠠᠬᠤ ᠶᠢ ᠪᠠᠳ᠋ᠤᠯᠠᠬᠤ ᠬᠡᠷᠡᠭ᠍ᠳ᠋ᠠᠢ︔ ᠠᠵᠤ ᠠᠬᠤᠢ᠌ᠯᠠᠯ ᠨᠢ ᠲᠤᠰᠬᠠᠢ ᠲᠤᠭᠤᠢ᠌ᠯᠠᠩ ᠪᠠᠢ᠌ᠭᠤᠯᠵᠤ᠂ ᠲᠤᠰᠬᠠᠢ ᠬᠦᠮᠦᠨ ᠲᠤᠬᠢᠷᠠᠭᠤᠯᠤᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠶᠢ ᠵᠤᠬᠢᠶᠠᠨ ᠪᠠᠢ᠌ᠭᠤᠯᠵᠤ ᠬᠢᠨᠠᠨ ᠵᠢᠯᠤᠭᠤᠳᠴᠦ ᠨᠠᠢ᠌ᠳ᠋ᠠᠪᠤᠷᠢᠵᠢᠭᠤᠯᠬᠤ ᠠᠵᠢᠯ ᠢ ᠰᠠᠢ᠌ᠳ᠋ᠤᠷ ᠬᠢᠵᠦ᠂ ᠲᠦ᠋ᠷᠦᠯ ᠵᠦ᠋ᠢᠯ ᠤᠨ ᠤᠷᠤᠭᠰᠢᠳ᠋ᠠᠢ ᠶᠠᠪᠤᠭᠳ᠋ᠠᠨ᠂ ᠡᠷᠳ᠋ᠡ ᠦᠷ᠎ᠠ ᠠᠰᠢᠭ ᠭᠠᠷᠭᠠᠬᠤ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠸᠠᠩ ᠬᠤᠩ ᠬᠤᠸᠠ ᠮᠠᠨ ᠤ ᠬᠤᠰᠢᠭᠤᠨ ᠳᠤ ᠢᠷᠡᠵᠦ ᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠦᠳ᠋ᠦᠭᠡᠨ ᠪᠠᠢ᠌ᠭᠤᠯᠤᠯᠳ᠋ᠠ ᠵᠢᠴᠢ ᠲᠦ᠋ᠯᠦᠭᠡᠯᠡᠭ᠍ᠴᠢ ᠶᠢᠨ ᠠᠵᠢᠯ ᠢ ᠪᠠᠢ᠌ᠴᠠᠭᠠᠨ ᠰᠤᠳ᠋ᠤᠯᠪᠠ
ᠳᠠᠷᠠᠭᠠᠬᠢ᠄ ᠡᠦ ᠴᠢᠩ ᠬᠠᠢ ᠭᠠᠬᠠᠢ᠌ᠳ᠋ᠤ ᠪᠠᠯᠭᠠᠰᠤᠨ ᠳᠤ ᠭᠦᠨᠵᠡᠭᠡᠢ᠌ᠷᠡᠨ ᠬᠤᠳ᠋ᠠ ᠬᠤᠰᠢᠭᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠪᠠ