ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 《ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ》 ᠭᠤᠤᠯ ᠰᠡᠳ᠋ᠦᠪᠳ᠋ᠦ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠦᠷᠨᠢᠭᠦᠯᠪᠡ

ᠨᠠᠮ ᠪᠠᠢ᠌ᠭᠤᠯᠤᠭᠳ᠋ᠠᠭᠰᠠᠨ 101 ᠵᠢᠯ ᠤᠨ ᠤᠢ ᠶᠢ ᠪᠡᠯᠭᠡᠯᠡᠬᠦ ᠶᠢᠨ ᠲᠦ᠋ᠯᠦᠭᠡ᠂ 6 ᠰᠠᠷ᠎ᠠ ᠶᠢᠨ 30 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠤᠯᠤᠨ ᠪᠠᠶᠠᠷᠳ᠋ᠤᠬᠤᠰᠢᠭᠤ ᠪᠠᠯᠭᠠᠰᠤᠨ ᠤ ᠬᠤᠪᠤᠯᠳ᠋ᠤ ᠭᠠᠴᠠᠭᠠᠨ ᠤ ᠨᠠᠮ ᠤᠨ ᠡᠭᠦᠷ ᠬᠠᠮᠳ᠋ᠤᠷᠠᠨ 30 ᠭᠠᠷᠤᠢ ᠨᠠᠮ ᠤᠨ ᠭᠡᠰᠢᠭᠦᠨ ᠢ ᠵᠤᠬᠢᠶᠠᠨ ᠪᠠᠢ᠌ᠭᠤᠯᠵᠤ 《ᠨᠠᠮ ᠤᠨ ᠡᠭᠦᠷ+ ᠨᠠᠮ ᠤᠨ ᠡᠭᠦᠷ》 ᠤᠨ ᠬᠠᠷᠢᠯᠴᠡᠨ ᠰᠤᠷᠤᠯᠴᠠᠵᠤ ᠬᠠᠷᠢᠯᠴᠡᠨ ᠬᠠᠪᠰᠤᠷᠤᠯᠴᠠᠵᠤ ᠬᠠᠮᠳ᠋ᠤᠪᠠᠷ ᠲᠡᠭᠡᠭ᠍ᠰᠢᠯᠡᠬᠦ ᠭᠤᠤᠯ ᠰᠡᠳ᠋ᠦᠪᠳ᠋ᠦ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠦᠷᠨᠢᠭᠦᠯᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠼᠦ᠋ᠢ ᠯᠸᠢ ᠯᠸᠢ ᠠᠵᠢᠯᠯᠠᠭ᠎ᠠ ᠳᠤ ᠤᠷᠤᠯᠴᠠᠪᠠ᠃

ᠨᠠᠮ ᠤᠨ ᠭᠡᠰᠢᠭᠦᠳ ᠤᠷᠢᠳ ᠬᠤᠵᠢᠳ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠮᠠᠦ ᠽᠸ ᠳ᠋ᠦ᠋ᠩ ᠤᠨ ᠬᠦᠷᠦᠭ᠌ ᠢ ᠨᠠᠨᠳ᠋ᠢᠩᠨᠠᠨ ᠬᠠᠳ᠋ᠠᠭᠠᠯᠠᠬᠤ ᠤᠷᠳ᠋ᠤᠨ᠂ ᠭᠠᠳ᠋ᠠᠰᠤ ᠦᠷᠡᠰ ᠮᠠᠯ ᠢ ᠦᠷᠡᠵᠢᠭᠦᠯᠦᠨ ᠪᠤᠢ᠌ᠵᠢᠭᠤᠯᠬᠤ ᠲᠦ᠋ᠪ ᠤᠨ ᠪᠤᠤ ᠵᠢᠨ ᠱᠠᠨ ᠤ ᠦᠬᠡᠷ ᠲᠡᠵᠢᠭᠡᠬᠦ ᠡᠷᠦᠭᠡ᠂ ᠸᠠᠩ ᠵᠸᠨ ᠳ᠋ᠦ᠋ᠩ ᠤᠨ ᠲᠡᠵᠢᠭᠡᠨ ᠦᠷᠡᠵᠢᠭᠦᠯᠬᠦ ᠲᠠᠯᠠᠪᠠᠢ᠂ ᠳ᠋ᠦ᠋ᠩ ᠮᠸᠢ ᠴᠠᠭᠠᠨ ᠢᠳ᠋ᠡᠭᠡᠨ ᠤ ᠲᠡᠯᠭᠡᠭᠦᠷ ᠵᠢᠴᠢ ᠦᠯᠵᠡᠢ᠌ᠮᠦ᠋ᠷᠡᠨ ᠰᠤᠮᠤ ᠶᠢᠨ ᠪᠤᠯᠠᠭ ᠭᠠᠴᠠᠭ᠎ᠠ ᠶᠢᠨ ᠨᠤᠮᠢᠨᠳ᠋ᠠᠯᠠᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠭᠠᠵᠠᠷ ᠲᠤ ᠬᠦᠷᠴᠦ᠂ ᠲᠤᠭᠤᠷᠢᠨ ᠦᠵᠡᠬᠦ᠂ ᠰᠠᠨᠠᠯ ᠶᠢᠡᠨ ᠰᠤᠯᠢᠯᠴᠠᠬᠤ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠬᠤᠪᠢᠰᠬᠠᠯ ᠤᠨ ᠤᠯᠠᠮᠵᠢᠯᠠᠯᠳ᠋ᠤ ᠬᠦᠮᠦᠵᠢᠯ ᠢ ᠭᠦᠨᠵᠡᠭᠡᠢ ᠬᠦᠷᠳ᠋ᠡᠨ᠂ ᠡᠯ᠎ᠠ ᠭᠠᠵᠠᠷ ᠤᠨ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢᠨ ᠲᠤᠮᠳ᠋ᠠᠬᠢ ᠲᠡᠷᠢᠭᠦᠨ ᠤ ᠨᠡᠢ᠌ᠳ᠋ᠡᠯᠢᠭ᠌ ᠵᠢᠱᠢᠶ᠎ᠠ᠂ ᠠᠮᠵᠢᠯᠳ᠋ᠠ ᠤᠯᠤᠭᠰᠠᠨ ᠠᠷᠭ᠎ᠠ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ (ᠨᠠᠢ᠌ᠷᠠᠭᠤᠯᠤᠭᠴᠢ᠄ ᠯᠸᠢ ᠫᠠᠩ)