ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ 《ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ》 ᠭᠤᠤᠯ ᠰᠡᠳ᠋ᠦᠪᠳ᠋ᠦ ᠰᠢᠷᠢᠰ ᠠᠵᠢᠯᠯᠠᠭ᠎ᠠ 《ᠨᠠᠮ ᠤᠨ ᠭᠡᠰᠢᠭᠦᠨ ᠪᠤᠤᠯᠭᠰᠠᠨ ᠢᠷᠠᠭᠤ ᠠᠯᠳ᠋ᠠᠷ ᠲᠡᠶ 50 ᠵᠢᠯ》 ᠤᠨ ᠠᠬᠠᠮᠠᠳ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠪᠠ



ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 101 ᠵᠢᠯ ᠤᠨ ᠤᠢ ᠶᠢ ᠪᠡᠯᠭᠡᠯᠡᠬᠦ ᠶᠢᠨ ᠲᠦ᠋ᠯᠦᠭᠡ᠂ 7 ᠰᠠᠷ᠎ᠠ ᠶᠢᠨ 1 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠨᠡᠷ ᠠᠵᠢᠯ ᠡᠴᠡ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠵᠠᠩ ᠢᠦᠢ ᠸᠸᠨ ᠢ ᠪᠤᠯᠭᠤᠭᠠᠨ ᠲᠤᠬᠤᠨᠢᠭᠤᠯᠬᠤ ᠶᠢᠨ ᠬᠠᠮᠳ᠋ᠤ ᠲᠡᠭᠦᠨ ᠳᠤ 《ᠨᠠᠮ ᠤᠨ ᠭᠡᠰᠢᠭᠦᠨ ᠪᠤᠯᠤᠭᠰᠠᠨ ᠢᠷᠠᠭᠤ ᠠᠯᠳ᠋ᠠᠷ ᠲᠡᠶ 50 ᠵᠢᠯ》 ᠤᠨ ᠲᠤᠷᠠᠰᠬᠠᠯ ᠤᠨ ᠲᠡᠮᠳ᠋ᠡᠭ᠌ ᠤᠯᠭᠤᠵᠤ᠂ ᠨᠠᠮ ᠤᠨ ᠵᠤᠬᠢᠶᠠᠨ ᠪᠠᠢ᠌ᠭᠤᠯᠤᠯᠤᠳ᠋ᠠ ᠶᠢᠨ ᠠᠵᠢᠯ ᠡᠴᠡ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠳᠤ ᠦᠭᠬᠦᠭ᠍ᠰᠡᠨ ᠬᠠᠢ᠌ᠷ᠎ᠠ ᠬᠠᠯᠠᠮᠵᠢ ᠶᠢ ᠢᠯᠡᠳᠭᠡᠪᠡ᠃ (ᠨᠠᠢ᠌ᠷᠠᠭᠤᠯᠤᠭᠴᠢ᠄ ᠯᠸᠢ ᠫᠠᠩ)