ᠡᠦ ᠴᠢᠩ ᠬᠠᠢ ᠭᠠᠬᠠᠢ᠌ᠳ᠋ᠤ ᠪᠠᠯᠭᠠᠰᠤᠨ ᠳᠤ ᠭᠦᠨᠵᠡᠭᠡᠢ᠌ᠷᠡᠨ ᠬᠤᠳ᠋ᠠ ᠬᠤᠰᠢᠭᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠪᠠ

7 ᠰᠠᠷ᠎ᠠ ᠶᠢᠨ 1 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠭᠠᠬᠠᠢ᠌ᠳ᠋ᠤ ᠪᠠᠯᠭᠠᠰᠤᠨ ᠳᠤ ᠭᠦᠨᠵᠡᠭᠡᠢ᠌ᠷᠡᠨ ᠬᠤᠳ᠋ᠠ ᠬᠤᠰᠢᠭᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠡᠵᠦ᠂ ᠠᠷᠠᠳ ᠤᠨ ᠲᠦ᠋ᠯᠦᠭᠡᠯᠡᠭ᠍ᠴᠢ ᠶᠢᠨ ᠬᠠᠦᠯᠢ ᠶᠤᠰᠤᠭᠠᠷ ᠲᠦ᠋ᠯᠦᠭᠡᠯᠡᠭ᠍ᠴᠢ ᠶᠢᠨ ᠡᠷᠭᠡ ᠲᠤᠰᠢᠶᠠᠯ ᠶᠢᠡᠨ ᠬᠡᠷᠡᠭ᠍ᠵᠢᠭᠦᠯᠬᠦ᠂ ᠲᠦ᠋ᠯᠦᠭᠡᠯᠡᠭ᠍ᠴᠢ ᠶᠢᠨ ᠡᠭᠦᠷᠭᠡ ᠶᠢᠡᠨ ᠭᠦᠢᠴᠡᠳᠭᠡᠬᠦ ᠪᠤᠯᠤᠨ ᠲᠦ᠋ᠯᠦᠭᠡᠯᠡᠭ᠍ᠴᠢ ᠶᠢᠨ ᠦᠢᠯᠡᠳ᠋ᠦᠯ ᠶᠢᠡᠨ ᠪᠠᠳ᠋ᠠᠷᠠᠭᠤᠯᠵᠤ ᠪᠠᠢ᠌ᠭ᠎ᠠ ᠪᠠᠢ᠌ᠳ᠋ᠠᠯ ᠢ ᠨᠠᠷᠢᠨ ᠤᠢ᠌ᠯᠠᠭᠠᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠪᠠ᠃
ᠡᠦ ᠴᠢᠩ ᠬᠠᠢ ᠤᠷᠢᠳ᠋ᠠᠪᠠᠷ ᠭᠠᠬᠠᠢ᠌ᠳ᠋ᠤ ᠰᠤᠷᠭᠠᠭᠤᠯᠢ ᠳᠤ ᠬᠦᠷᠴᠦ᠂ ᠬᠤᠳ᠋ᠠ ᠶᠢᠨ ᠱᠠᠳ᠋ᠤᠨ ᠤ ᠲᠦ᠋ᠯᠦᠭᠡᠯᠡᠭ᠍ᠴᠢ᠂ ᠭᠠᠬᠠᠢ᠌ᠳ᠋ᠤ ᠰᠤᠷᠭᠠᠭᠤᠯᠢ ᠶᠢᠨ ᠵᠠᠬᠢᠷᠤᠯ ᠴᠢ ᠴᠠᠩ ᠰᠦ᠋ᠢ ᠲᠡᠶ ᠶᠠᠷᠢᠯᠴᠡᠨ ᠰᠤᠯᠢᠯᠴᠠᠵᠤ᠂ ᠰᠤᠷᠭᠠᠭᠤᠯᠢ ᠶᠢᠨ ᠬᠦᠭ᠍ᠵᠢᠯᠳ᠋ᠡ ᠶᠢᠨ ᠲᠦ᠋ᠢᠮᠦ ᠪᠠᠢ᠌ᠳ᠋ᠠᠯ᠂ ᠬᠢᠴᠢᠶᠡᠯ ᠤᠨ ᠪᠦᠳ᠋ᠦᠭᠡᠨ ᠪᠠᠢ᠌ᠭᠤᠯᠤᠯᠳ᠋ᠠ ᠶᠢ ᠨᠠᠷᠢᠨ ᠤᠢ᠌ᠯᠠᠭᠠᠵᠤ᠂ ᠠᠷᠠᠳ ᠤᠨ ᠲᠦ᠋ᠯᠦᠭᠡᠯᠡᠭ᠍ᠴᠢ ᠶᠢᠨ ᠬᠠᠦᠯᠢ ᠴᠠᠭᠠᠵᠠ᠂ ᠬᠠᠦᠯᠢ ᠲᠤᠭᠳ᠋ᠠᠭᠠᠯ ᠢ ᠬᠡᠷᠡᠭ᠍ᠵᠢᠭᠦᠯᠬᠦ ᠲᠤᠬᠠᠢ ᠰᠠᠨᠠᠯ ᠢ ᠰᠤᠨᠤᠰᠤᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠤᠮᠳ᠋ᠠ ᠲᠤᠯᠭᠠᠷᠠᠭᠰᠠᠨ ᠬᠦᠴᠢᠷᠳ᠋ᠡᠯ ᠪᠠ ᠠᠰᠠᠭᠤᠳ᠋ᠠᠯ ᠢ ᠬᠠᠷᠢᠭᠤᠯᠵᠤ ᠲᠠᠢ᠌ᠯᠪᠠ᠃
ᠲᠠᠷᠠᠭ᠎ᠠ ᠨᠢ ᠲᠠᠯᠠᠪᠤᠯᠠᠭ ᠭᠠᠴᠠᠭᠠᠨ ᠳᠤ ᠬᠦᠷᠴᠦ᠂ ᠬᠤᠰᠢᠭᠤᠨ ᠱᠠᠳ᠋ᠤᠨ ᠤ ᠲᠦ᠋ᠯᠦᠭᠡᠯᠡᠭ᠍ᠴᠢ᠂ ᠲᠠᠯᠠᠪᠤᠯᠠᠭ ᠭᠠᠴᠠᠭᠠᠨ ᠤ ᠨᠠᠮ ᠤᠨ ᠡᠭᠦᠷ ᠤᠨ ᠱᠦ᠋ᠵᠢ ᠰᠢ ᠪᠠᠳ᠋ᠤ ᠲᠡᠶ ᠶᠠᠷᠢᠯᠴᠡᠨ᠂ ᠭᠠᠴᠠᠭᠠᠨ ᠤ ᠠᠵᠤ ᠠᠬᠤᠢ ᠨᠡᠢ᠌ᠭᠡᠮ ᠤᠨ ᠬᠦᠭ᠍ᠵᠢᠯᠳ᠋ᠡ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠵᠢᠴᠢ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ᠂ ᠲᠦ᠋ᠯᠦᠭᠡᠯᠡᠭ᠍ᠴᠢᠳ ᠤᠨ ᠲᠤᠭᠤᠢ᠌ᠯᠠᠩ ᠤᠨ ᠠᠵᠢᠯᠯᠠᠭ᠎ᠠ ᠦᠷᠨᠢᠭᠦᠯᠦᠭ᠍ᠰᠡᠨ ᠪᠠᠢ᠌ᠳ᠋ᠠᠯ ᠢ ᠤᠢ᠌ᠯᠠᠭᠠᠵᠤ᠂ ᠲᠦ᠋ᠯᠦᠭᠡᠯᠡᠭ᠍ᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠴᠤᠭᠯᠠᠭᠤᠯᠤᠭᠰᠠᠨ ᠨᠡᠢ᠌ᠭᠡᠮ ᠤᠨ ᠪᠠᠢ᠌ᠳ᠋ᠠᠯ ᠠᠷᠠᠳ ᠤᠨ ᠰᠠᠨᠠᠭ᠎ᠠ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠦ᠋ᠯᠦᠭᠡᠯᠡᠭ᠍ᠴᠢ ᠳᠤ ᠦᠢᠯᠡᠴᠢᠯᠡᠬᠦ ᠰᠠᠨᠠᠯ ᠰᠠᠨᠠᠭᠤᠯᠭ᠎ᠠ ᠶᠢ ᠰᠤᠨᠤᠰᠤᠨ᠂ ᠲᠦ᠋ᠯᠦᠭᠡᠯᠡᠭ᠍ᠴᠢᠳ ᠬᠠᠷᠢᠭᠤᠴᠠᠯᠭ᠎ᠠ ᠡᠭᠦᠷᠭᠡᠯᠡᠯ ᠶᠢᠡᠨ ᠴᠢᠩᠭ᠋ᠠᠳᠬᠠᠵᠤ᠂ ᠤᠯᠠᠨ ᠲᠦ᠋ᠮᠡᠨ ᠲᠡᠶ ᠨᠢᠭᠳ᠋ᠠ ᠬᠠᠷᠢᠯᠴᠡᠨ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠦᠭ᠍ᠵᠢᠯᠳ᠋ᠡ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠤᠶᠤᠨ ᠤᠬᠠᠭᠠᠨ ᠪᠠ ᠬᠦᠴᠦᠨ ᠴᠢᠳ᠋ᠠᠯ ᠶᠢᠡᠨ ᠡᠷᠭᠦᠬᠦ ᠶᠢ ᠵᠤᠷᠢᠭᠵᠢᠭᠤᠯᠪᠠ᠃

ᠡᠦ ᠴᠢᠩ ᠬᠠᠢ ᠡᠴᠡ᠂ ᠡᠯ᠎ᠠ ᠱᠠᠳ᠋ᠤᠨ ᠤ ᠠᠠᠷᠳ ᠤᠨ ᠲᠦ᠋ᠯᠦᠭᠡᠯᠡᠭ᠍ᠴᠢᠳ ᠤᠯᠤᠰ ᠲᠦ᠋ᠷᠦ ᠶᠢᠨ ᠵᠤᠭᠰᠤᠴᠠ ᠪᠠᠨ ᠪᠠᠳ᠋ᠤᠳᠬᠠᠨ᠂ ᠭᠤᠤᠯ ᠠᠵᠢᠯ ᠤᠨ ᠲᠤᠭᠤᠷᠢᠨ ᠳᠤ ᠶᠡᠬᠡ ᠲᠠᠯ᠎ᠠ ᠳᠤ ᠦᠢᠯᠡᠴᠢᠯᠡᠬᠦ ᠶᠢ ᠪᠠᠷᠢᠮᠳ᠋ᠠᠯᠠᠵᠤ᠂ ᠲᠤᠬᠠᠢ᠌ᠯᠠᠭᠰᠠᠨ ᠠᠵᠢᠯ ᠤᠨ ᠪᠠᠢ᠌ᠷᠢ ᠪᠤᠯᠤᠨ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠲᠤᠰᠢᠶᠠᠯ ᠶᠢᠡᠨ ᠭᠦᠢᠴᠡᠳᠭᠡᠬᠦ ᠠᠵᠢᠯᠯᠠᠭ᠎ᠠ ᠲᠤᠮᠳ᠋ᠠ ᠡᠮᠦᠨ᠎ᠠ ᠨᠢ ᠶᠠᠪᠤᠵᠤ᠂ ᠦᠯᠢᠭᠡᠷ ᠲᠠᠭᠤᠷᠢᠶᠠᠯ ᠪᠤᠯᠬᠤ ᠬᠡᠷᠡᠭ᠍ᠳ᠋ᠠᠢ︔ ᠠᠷᠠᠳ ᠤᠨ ᠰᠠᠨᠠᠭ᠎ᠠ ᠶᠢ ᠦᠷᠭᠡᠨ ᠶᠢᠡᠷ ᠰᠤᠨᠤᠰᠤᠨ᠂ ᠢᠳ᠋ᠡᠪᠬᠢᠳ᠋ᠠᠢ ᠪᠠᠷ ᠰᠠᠨᠠᠯ ᠵᠦ᠋ᠪᠯᠡᠯᠭᠡ ᠲᠤᠷᠠᠳ᠋ᠤᠨ ᠠᠷᠭ᠎ᠠ ᠤᠬᠠᠭᠠᠨ ᠭᠠᠷᠭᠠᠵᠤ᠂ ᠤᠯᠠᠨ ᠲᠦ᠋ᠮᠡᠨ ᠲᠡᠶ ᠤᠢ᠌ᠷᠠᠳ᠋ᠤᠨ᠂ ᠠᠷᠠᠳ ᠤᠨ ᠪᠠᠢ᠌ᠳ᠋ᠠᠯ ᠢ ᠤᠢ᠌ᠯᠠᠭᠠᠨ᠂ ᠤᠯᠠᠨ ᠲᠦ᠋ᠮᠡᠨ ᠬᠦᠰᠡᠯ ᠱᠠᠭᠠᠷᠳ᠋ᠠᠯᠭ᠎ᠠ ᠲᠡᠶ ᠪᠠᠢ᠌ᠪᠠᠯ ᠪᠢᠳ᠋ᠡ ᠵᠠᠪᠠᠯ ᠬᠠᠷᠢᠭᠤ ᠲᠤᠰᠬᠠᠯ ᠦᠭᠬᠦ ᠶᠢ ᠨᠡᠩ ᠰᠠᠢ᠌ᠳ᠋ᠤᠷ ᠪᠡᠶᠡᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)