ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠭᠤᠷᠪᠠᠨ ᠵᠦ᠋ᠢᠯ ᠤᠨ ᠬᠤᠯᠪᠤᠭᠠᠯᠠᠨ ᠬᠢᠨᠠᠯᠳ᠋ᠠ ᠲᠠᠯᠪᠢᠬᠤ ᠠᠵᠢᠯ ᠤᠨ ᠪᠠᠢ᠌ᠷᠢᠯᠠᠭᠤᠯᠤᠯᠳ᠋ᠠ ᠶᠢᠨ ᠬᠤᠷᠠᠯ ᠬᠤᠷᠠᠯᠳ᠋ᠤᠪᠠ

7 ᠰᠠᠷ᠎ᠠ ᠶᠢᠨ 5 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠭᠤᠷᠪᠠᠨ ᠵᠦ᠋ᠢᠯ ᠤᠨ ᠬᠤᠯᠪᠤᠭᠠᠯᠠᠨ ᠬᠢᠨᠠᠯᠳ᠋ᠠ ᠲᠠᠯᠪᠢᠬᠤ ᠠᠵᠢᠯ ᠤᠨ ᠪᠠᠢ᠌ᠷᠢᠯᠠᠭᠤᠯᠤᠯᠳ᠋ᠠ ᠶᠢᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠷᠠᠯ ᠡᠷᠬᠢᠯᠡᠪᠡ᠃ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦ᠋ᠪᠯᠡᠯ᠂ ᠲᠦ᠋ᠰᠦᠪ ᠤᠨ ᠰᠦ᠋ᠯᠵᠢᠶᠡᠨ ᠤ ᠬᠢᠨᠠᠯᠳ᠋ᠠ ᠲᠠᠯᠪᠢᠬᠤ ᠲᠦ᠋ᠪ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠳ᠋ ᠤᠨ ᠶᠠᠪᠤᠳ᠋ᠠᠯ ᠠᠵᠤ ᠠᠬᠤᠢ ᠶᠢᠨ ᠠᠵᠢᠯ ᠤᠨ ᠵᠦ᠋ᠪᠯᠡᠯ᠂ ᠬᠤᠰᠢᠭᠤᠨ ᠤ ᠬᠦᠭ᠍ᠵᠢᠭᠦᠯᠦᠯᠳ᠋ᠡ ᠪᠠ ᠦᠭᠡᠷᠡᠴᠢᠯᠡᠯᠳ᠋ᠡ ᠶᠢᠨ ᠵᠦ᠋ᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠤᠳ᠋ᠤᠬᠤ ᠲᠤᠪᠴᠢᠶ᠎ᠠ᠂ ᠲᠤᠭ᠎ᠠ ᠪᠦᠷᠢᠳᠭᠡᠯ ᠤᠨ ᠲᠤᠪᠴᠢᠶ᠎ᠠ᠂ ᠠᠵᠤ ᠦᠢᠯᠡᠳᠪᠦᠷᠢ ᠰᠤᠷᠠᠭ ᠵᠠᠩᠭᠢᠴᠢᠯᠠᠯᠳ᠋ᠠ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠵᠠᠰᠠᠭ ᠤᠨ ᠶᠠᠪᠤᠳ᠋ᠠᠯ ᠤᠨ ᠦᠢᠯᠡᠴᠢᠯᠡᠭᠡᠨ ᠤ ᠲᠤᠪᠴᠢᠶ᠎ᠠ᠂ ᠤᠷᠤᠨ ᠪᠦᠰᠡ ᠶᠢᠨ ᠠᠵᠤ ᠠᠬᠤᠢ ᠶᠢᠨ ᠬᠠᠮᠳ᠋ᠤᠷᠠᠯᠴᠠᠭᠠ ᠶᠢᠨ ᠦᠢᠯᠡᠴᠢᠯᠡᠭᠡᠨ ᠤ ᠲᠦ᠋ᠪ ᠤᠨ ᠬᠠᠮᠢᠶ᠎ᠠ ᠪᠦᠬᠦᠢ ᠨᠦ᠋ᠬᠦᠳ ᠬᠤᠷᠠᠯ ᠳᠤ ᠤᠷᠤᠯᠴᠠᠪᠠ᠃
ᠲᠤᠰ ᠤᠳ᠋ᠠᠭᠠᠨ ᠤ ᠭᠤᠷᠪᠠᠨ ᠵᠦ᠋ᠢᠯ ᠤᠨ ᠬᠤᠯᠪᠤᠭᠠᠯᠠᠨ ᠬᠢᠨᠠᠯᠳ᠋ᠠ ᠲᠠᠯᠪᠢᠬᠤ ᠠᠵᠢᠯ ᠨᠢ ᠠᠵᠢᠯ ᠤᠨ ᠪᠠᠢ᠌ᠷᠢᠯᠠᠭᠤᠯᠤᠳ᠋ᠠ᠂ ᠵᠤᠬᠢᠶᠠᠨ ᠪᠠᠢ᠌ᠭᠤᠯᠵᠤ ᠬᠡᠷᠡᠭ᠍ᠵᠢᠭᠦᠯᠬᠦ᠂ ᠨᠠᠢ᠌ᠳ᠋ᠠᠪᠤᠷᠢᠵᠢᠭᠤᠯᠵᠤ ᠴᠡᠭ᠍ᠴᠡᠯᠡᠨ ᠵᠠᠰᠠᠬᠤ᠂ ᠬᠢᠨᠠᠯᠳ᠋ᠠ ᠲᠠᠯᠪᠢᠵᠤ ᠳ᠋ᠦ᠋ᠩᠨᠡᠬᠦ ᠵᠡᠷᠭᠡ ᠲᠦ᠋ᠷᠪᠡᠨ ᠱᠠᠳ᠋ᠤ ᠨᠢ᠋ᠮᠠᠨ ᠠᠯᠬᠤᠮ ᠶᠢᠡᠷ ᠪᠦᠷᠢᠯᠳ᠋ᠦᠨ᠂ ᠭᠤᠤᠯᠳ᠋ᠠᠭᠤ ᠲᠤᠰᠬᠠᠢ ᠵᠦ᠋ᠢᠯ ᠤᠨ ᠵᠢᠭᠡᠯᠡᠯᠭᠡ ᠶᠢᠨ ᠲᠡᠮᠳ᠋ᠡᠭ᠍ᠳ᠋ᠦ ᠶᠢ ᠲᠠᠷᠬᠠᠭᠠᠵᠤ ᠬᠡᠷᠡᠭᠯᠡᠭ᠍ᠰᠡᠨ ᠪᠠᠢ᠌ᠳ᠋ᠠᠯ᠂ 2020 ᠤᠨ ᠡᠴᠡ ᠨᠠᠰᠢᠬᠢ ᠡᠳ᠋ ᠤᠨ ᠵᠠᠰᠠᠭ ᠤᠨ ᠪᠡᠯᠡ ᠮᠦ᠋ᠩᠭᠦ ᠶᠢᠨ ᠦᠨᠳ᠋ᠦᠰᠦᠨ ᠱᠠᠳ᠋ᠤᠨ ᠤ 《ᠭᠤᠷᠪᠠ ᠶᠢ ᠪᠠᠳ᠋ᠤᠯᠠᠬᠤ》 ᠠᠵᠢᠯ ᠤᠨ ᠪᠠᠢ᠌ᠳ᠋ᠠᠯ᠂ ᠴᠢᠬᠤᠯᠠ ᠶᠡᠬᠡ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠲᠤᠭᠳ᠋ᠠᠮᠠᠯ ᠬᠦᠷᠦᠩᠭᠡ ᠶᠢᠨ ᠪᠡᠯᠡ ᠤᠷᠤᠭᠤᠯᠤᠯᠳ᠋ᠠ ᠶᠢᠨ ᠭᠤᠷᠪᠠᠨ ᠵᠦ᠋ᠢᠯ ᠤᠨ ᠬᠤᠯᠪᠤᠭᠠᠯᠠᠨ ᠬᠢᠨᠠᠯᠳ᠋ᠠ ᠲᠠᠯᠪᠢᠬᠤ ᠠᠵᠢᠯ ᠳᠤ ᠴᠢᠭᠯᠡᠭᠦᠯᠪᠡ᠃

ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠳ᠋ ᠤᠨ ᠶᠠᠪᠤᠳ᠋ᠠᠯ ᠠᠵᠤ ᠠᠬᠤᠢ ᠶᠢᠨ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠤᠷᠪᠠᠨ ᠵᠦ᠋ᠢᠯ ᠤᠨ ᠬᠤᠯᠪᠤᠭᠠᠯᠠᠨ ᠬᠢᠨᠠᠯᠳ᠋ᠠ ᠲᠠᠯᠪᠢᠬᠤ ᠠᠵᠢᠯ ᠤᠨ ᠲᠦ᠋ᠰᠦᠯ ᠢ ᠨᠠᠷᠢᠨ ᠲᠠᠢ᠌ᠯᠪᠤᠷᠢᠯᠠᠪᠠ︔ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠢᠨᠠᠯᠳ᠋ᠠ ᠶᠢ ᠰᠠᠨᠠᠭᠠᠴᠢᠯᠠᠭ᠎ᠠ ᠡᠴᠡ ᠪᠠᠨ ᠬᠦᠯᠢᠶᠡᠵᠦ᠂ ᠢᠳ᠋ᠡᠪᠬᠢᠳ᠋ᠠᠢ ᠬᠠᠮᠵᠢᠯᠴᠡᠨ ᠬᠤᠯᠪᠤᠭᠠᠯᠠᠨ ᠬᠢᠨᠠᠯᠳ᠋ᠠ ᠲᠠᠯᠪᠢᠬᠤ ᠠᠵᠢᠯ ᠢ ᠰᠠᠢ᠌ᠳ᠋ᠤᠷ ᠦᠷᠨᠢᠭᠦᠯᠬᠦ ᠲᠤᠬᠠᠢ ᠤᠪᠤᠷ ᠶᠢᠡᠨ ᠢᠯᠡᠳᠭᠡᠪᠡ᠃ (ᠨᠠᠢ᠌ᠷᠠᠭᠤᠯᠤᠭᠴᠢ᠄ ᠯᠸᠢ ᠫᠠᠩ)