
7 ᠰᠠᠷ᠎ᠠ ᠶᠢᠨ 7 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠨᠡᠷ ᠰᠢᠶᠠᠩᠱᠠᠨ ᠪᠠᠯᠭᠠᠰᠤᠨ ᠳᠤ ᠭᠦᠨᠵᠡᠭᠡᠢ᠌ᠷᠡᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠦᠷᠢᠯᠳ᠋ᠦᠭᠦᠨ ᠭᠡᠰᠢᠭᠦᠨ ᠨᠡᠷ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠰᠠᠭᠤᠳ᠋ᠠᠯ ᠤᠨ ᠬᠤᠷᠠᠯ ᠬᠤᠷᠠᠯᠳ᠋ᠤᠪᠠ᠃ ᠰᠢᠶᠠᠩᠱᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠬᠦᠳ᠂ ᠭᠡᠰᠡᠭ᠌ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠰᠠᠭᠤᠳ᠋ᠠᠯ ᠤᠨ ᠬᠤᠷᠠᠯ ᠳᠤ ᠤᠷᠤᠯᠴᠠᠪᠠ᠃
ᠰᠠᠭᠤᠳ᠋ᠠᠯ ᠤᠨ ᠬᠤᠷᠠᠯ ᠲᠡᠭᠡᠷ᠎ᠠ᠂ ᠵᠠᠩ ᠶᠦ᠋ᠩ ᠴᠢᠶᠠᠩ ᠨᠡᠷ ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢᠳ ᠲᠡᠶ ᠲᠤᠰᠢᠶᠠᠯ ᠶᠢᠡᠨ ᠭᠦᠢᠴᠡᠳᠭᠡᠬᠦ ᠶᠠᠪᠤᠴᠠ ᠳᠤ ᠲᠤᠯᠭᠠᠷᠠᠭᠰᠠᠨ ᠬᠦᠴᠢᠷᠳ᠋ᠡᠯ ᠪᠠ ᠠᠰᠠᠭᠤᠳ᠋ᠠᠯ ᠤᠨ ᠲᠤᠬᠠᠢ ᠰᠠᠨᠠᠯ ᠶᠢᠡᠨ ᠰᠤᠯᠢᠯᠴᠠᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠦᠷᠭᠡᠨ ᠶᠢᠡᠷ ᠬᠤᠷᠢᠶᠠᠪᠠ᠃ ᠠᠷᠠᠳ ᠤᠨ ᠲᠦ᠋ᠯᠦᠭᠡᠯᠡᠭ᠍ᠴᠢᠳ ᠲᠤᠰ ᠪᠡᠶ᠎ᠠ ᠶᠢᠨ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠᠢ᠌ᠳ᠋ᠠᠯ ᠶᠢᠡᠨ ᠲᠠᠷᠠᠭᠠᠯᠠᠨ ᠬᠠᠷᠢᠭᠤ ᠮᠡᠳ᠋ᠡᠭᠦᠯᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠬᠦᠮᠦᠨ ᠰᠠᠭᠤᠴᠠ ᠶᠢᠨ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ᠂ ᠬᠦᠳ᠋ᠡᠭᠡ ᠲᠤᠰᠬᠤᠨ ᠤ ᠰᠠᠭᠤᠷᠢ ᠲᠦ᠋ᠬᠦᠭᠡᠷᠦᠮᠵᠢ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠪᠠ᠃

ᠵᠠᠩ ᠶᠦ᠋ᠩ ᠴᠢᠶᠠᠩ ᠡᠴᠡ᠂ ᠠᠷᠠᠳ ᠤᠨ ᠲᠦ᠋ᠯᠦᠭᠡᠯᠡᠭ᠍ᠴᠢᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠤᠬᠠᠮᠰᠡᠷ ᠶᠢᠡᠨ ᠦᠨᠡᠨᠬᠦ ᠴᠢᠩᠭ᠋ᠠᠳᠬᠠᠨ᠂ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠢ᠌ᠳ᠋ᠤᠷ ᠭᠦᠢᠴᠡᠳᠭᠡᠵᠦ᠂ ᠪᠡᠶ᠎ᠠ ᠪᠠᠨ ᠴᠢᠩᠭ᠎ᠠ ᠱᠠᠭᠠᠷᠳ᠋ᠠᠨ᠂ ᠤᠯᠠᠨ ᠲᠦ᠋ᠮᠡᠨ ᠳᠤ ᠦᠯᠢᠭᠡᠷ ᠲᠠᠭᠤᠷᠢᠶᠠᠯ ᠦᠵᠡᠭᠦᠯᠵᠦ᠂ ᠤᠯᠠᠨ ᠲᠦ᠋ᠮᠡᠨ ᠡᠴᠡ ᠰᠤᠷᠤᠯᠴᠠᠨ᠂ ᠤᠯᠠᠨ ᠲᠦ᠋ᠮᠡᠨ ᠲᠡᠶ ᠢᠯᠡᠭᠦᠦ ᠬᠠᠷᠢᠯᠴᠠᠵᠦ᠂ ᠨᠠᠮ ᠪᠠ ᠵᠠᠰᠠᠭ ᠤᠨ ᠤᠷᠳ᠋ᠤᠨ ᠤ ᠠᠷᠠᠳ ᠲᠦ᠋ᠮᠡᠨ ᠲᠡᠶ ᠨᠢᠭᠳ᠋ᠠ ᠬᠠᠷᠢᠯᠴᠠᠬᠤ ᠬᠦᠭᠦᠷᠭᠡ ᠬᠤᠯᠪᠤᠭᠠᠰᠤ ᠪᠤᠯᠵᠤ᠂ ᠤᠯᠠᠨ ᠲᠦ᠋ᠮᠡᠨ ᠤ ᠬᠡᠷᠡᠭ᠍ᠴᠡᠭᠡ ᠱᠠᠭᠠᠷᠳ᠋ᠠᠯᠭ᠎ᠠ ᠶᠢᠨ ᠲᠤᠭᠤᠷᠢᠨ ᠳᠤ ᠢᠯᠡᠭᠦᠦ ᠰᠠᠨᠠᠯ ᠰᠠᠨᠠᠭᠤᠯᠭ᠎ᠠ ᠲᠤᠷᠠᠳ᠋ᠤᠨ᠂ ᠴᠢᠨᠠᠷ ᠰᠠᠢ᠌ᠳ᠋ᠠᠢ ᠰᠠᠨᠠᠯ ᠰᠠᠨᠠᠭᠤᠯᠭ᠎ᠠ ᠢᠯᠡᠭᠦᠦ ᠲᠤᠰᠢᠶᠠᠵᠦ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠠᠷᠠᠳ ᠤᠨ ᠲᠦ᠋ᠯᠦᠭᠡᠯᠡᠭ᠍ᠴᠢ ᠶᠢᠨ ᠰᠠᠢ᠌ᠨ ᠰᠠᠢ᠌ᠬᠠᠨ ᠲᠦ᠋ᠷᠢ ᠲᠦ᠋ᠷᠬᠦ ᠶᠢ ᠪᠤᠢ ᠪᠤᠯᠭᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)