ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠬᠡᠷᠴᠢᠯᠠᠭᠤ ᠰᠤᠮᠤ ᠳᠤ ᠭᠦᠨᠵᠡᠭᠡᠢ᠌ᠷᠡᠨ᠁
ᠡᠦ ᠴᠢᠩ ᠬᠠᠢ ᠬᠡᠷᠴᠢᠯᠠᠭᠤ ᠰᠤᠮᠤ ᠳᠤ ᠭᠦᠨᠵᠡᠭᠡᠢ᠌ᠷᠡᠨ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠪᠠ

       
           7 ᠰᠠᠷ᠎ᠠ ᠶᠢᠨ 7 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠭᠡᠷᠴᠢᠯᠠᠭᠤ ᠰᠤᠮᠤ ᠶᠢᠨ ᠴᠠᠭᠠᠨᠷᠭᠢ ᠭᠠᠴᠠᠭ᠎ᠠ ᠳᠤ ᠭᠦᠨᠵᠡᠭᠡᠢ᠌ᠷᠡᠨ ᠬᠤᠳ᠋ᠠ ᠶᠢᠨ ᠱᠠᠳ᠋ᠤᠨ ᠤ ᠲᠦ᠋ᠯᠦᠭᠡᠯᠡᠭ᠍ᠴᠢ ᠰᠡᠳᠭᠢᠯᠳ᠋ᠦ ᠲᠡᠶ ᠬᠠᠷᠢᠯᠴᠠᠨ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ ᠰᠠᠨᠠᠯ ᠶᠢᠡᠨ ᠰᠤᠯᠢᠯᠴᠠᠬᠤ ᠬᠡᠯᠪᠡᠷᠢ ᠪᠠᠷ ᠲᠠᠮᠵᠢᠨ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠭᠡᠭ᠍ᠰᠡᠨ ᠪᠠᠢ᠌ᠳ᠋ᠠᠯ᠂ ᠲᠤᠬᠠᠢ᠌ᠯᠠᠭᠰᠠᠨ ᠠᠵᠢᠯ  ᠦᠷᠨᠢᠭᠦᠯᠦᠭ᠍ᠰᠡᠨ ᠪᠠᠢ᠌ᠳ᠋ᠠᠯ ᠪᠠ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠴᠤᠭᠯᠠᠭᠤᠯᠤᠭᠰᠠᠨ ᠨᠡᠢ᠌ᠭᠡᠮ ᠤᠨ ᠪᠠᠢ᠌ᠳ᠋ᠠᠯ ᠠᠷᠠᠳ ᠤᠨ ᠰᠠᠨᠠᠭ᠎ᠠ ᠶᠢ ᠨᠠᠷᠢᠯᠢᠭ ᠤᠢ᠌ᠯᠠᠭᠠᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠳᠤ ᠲᠤᠷᠠᠳ᠋ᠤᠭᠰᠠᠨ ᠰᠠᠨᠠᠯ ᠰᠠᠨᠠᠭᠤᠯᠭ᠎ᠠ ᠶᠢ ᠰᠤᠨᠤᠰᠪᠠ᠃ ᠬᠡᠷᠴᠢᠯᠠᠭᠤ ᠰᠤᠮᠤ ᠶᠢᠨ ᠨᠠᠮ ᠤᠨ ᠬᠤᠷᠢᠶ᠎ᠠ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠭᠤᠤᠯ ᠬᠠᠷᠢᠭᠤᠴᠠᠯᠭᠠᠳ᠋ᠠᠨ ᠰᠠᠭᠤᠳ᠋ᠠᠯ ᠤᠨ ᠬᠤᠷᠠᠯ ᠳᠤ ᠤᠷᠤᠯᠴᠠᠪᠠ᠃

         
       ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠲᠡᠭᠡᠳ᠋ᠦ ᠱᠠᠳ᠋ᠤᠨ ᠤ ᠨᠠᠮ ᠤᠨ ᠬᠤᠷᠢᠶᠠᠨ ᠤ ᠠᠵᠢᠯ ᠤᠨ ᠪᠠᠢ᠌ᠷᠢᠯᠠᠭᠤᠯᠤᠳ᠋ᠠ ᠶᠢ ᠲᠤᠭᠤᠰᠢᠯᠠᠭᠤᠯᠬᠤ ᠶᠢ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠡᠶ ᠤᠶᠠᠯᠳ᠋ᠤᠭᠤᠯᠤᠨ᠂ ᠲᠤᠬᠠᠢ᠌ᠯᠠᠭᠰᠠᠨ ᠠᠵᠢᠯ ᠲᠡᠶ ᠪᠠᠨ ᠤᠶᠠᠯᠳ᠋ᠤᠭᠤᠯᠤᠨ᠂ ᠢᠳ᠋ᠡᠪᠬᠢᠳ᠋ᠠᠢ ᠰᠠᠨᠠᠯ ᠰᠠᠨᠠᠭᠤᠯᠭ᠎ᠠ ᠲᠤᠷᠠᠳᠴᠦ᠂ ᠤᠯᠠᠨ ᠲᠦ᠋ᠮᠡᠨ ᠲᠡᠶ ᠨᠢᠭᠳ᠋ᠠ ᠬᠠᠷᠢᠯᠴᠠᠨ᠂ ᠬᠦᠳ᠋ᠦᠯᠦᠨ ᠲᠠᠭᠠᠭᠤᠯᠬᠤ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠵᠤ᠂ ᠤᠯᠠᠨ ᠲᠦ᠋ᠮᠡᠨ ᠤ《ᠪᠠᠴᠢᠮ ᠲᠦᠪᠡᠭ ᠵᠣᠪᠠᠨᠢᠬᠤ ᠬᠦᠰᠡᠯ ᠡᠷᠡᠮᠡᠯᠵᠡᠯ》 ᠤᠨ ᠠᠰᠠᠭᠤᠳ᠋ᠠᠯ ᠢ ᠰᠢ᠌ᠳᠪᠦᠷᠢᠯᠡᠬᠦ ᠶᠢ ᠠᠬᠢᠭᠤᠯᠤᠨ᠂ ᠰᠢᠨᠵᠢᠯᠡᠬᠦ ᠤᠬᠠᠭᠠᠨᠴᠢ ᠦᠷ᠎ᠠ ᠪᠦᠳ᠋ᠦᠮᠵᠢᠳ᠋ᠠᠢ ᠰᠠᠨᠠᠯ ᠰᠠᠨᠠᠭᠤᠯᠭ᠎ᠠ ᠲᠤᠷᠠᠳᠴᠦ᠂ ᠬᠦᠳ᠋ᠡᠭᠡ ᠲᠤᠰᠬᠤᠨ ᠢ ᠭᠦᠭ᠍ᠵᠢᠭᠦᠯᠦᠨ ᠮᠠᠨᠳ᠋ᠤᠭᠤᠯᠬᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠡᠭᠦᠯᠳ᠋ᠡᠷ ᠢ ᠰᠠᠢ᠌ᠵᠢᠷᠠᠭᠤᠯᠬᠤ᠂ ᠮᠠᠯ ᠪᠡᠯᠴᠢᠭᠡᠷ ᠢ ᠲᠡᠩᠴᠡᠭᠦᠷᠢ ᠲᠡᠶ ᠪᠠᠢ᠌ᠯᠭᠠᠬᠤ ᠵᠢᠴᠢ ᠨᠡᠢ᠌ᠭᠡᠮ ᠤᠨ ᠠᠮᠤᠷ ᠲᠤᠭᠳ᠋ᠠᠭᠤᠨ ᠢ ᠬᠠᠮᠠᠭᠠᠯᠠᠬᠤ ᠠᠵᠢᠯ ᠢ ᠠᠬᠢᠭᠤᠯᠵᠤ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠭᠦᠭ᠍ᠵᠢᠯᠳ᠋ᠡ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭ᠍ᠳ᠋ᠡᠭᠦᠯᠦᠨ ᠪᠠᠶᠠᠵᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳ᠋ᠠᠯ ᠶᠢᠡᠨ ᠡᠷᠭᠦᠬᠦ ᠬᠡᠷᠡᠭ᠍ᠳ᠋ᠠᠢ ᠬᠡᠵᠦ ᠴᠢᠩᠭ᠋ᠠᠳᠬᠠᠪᠠ᠃ 

         
         ᠰᠠᠭᠤᠳ᠋ᠠᠯ ᠤᠨ ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠠᠨ ᠬᠦᠮᠦᠰ ᠲᠦ᠋ᠯᠦᠭᠡᠯᠡᠭ᠍ᠴᠢ ᠶᠢᠨ ᠭᠡᠷ ᠪᠦᠯᠢ ᠶᠢᠨ ᠪᠦᠳ᠋ᠦᠭᠡᠨ ᠪᠠᠢ᠌ᠭᠤᠯᠤᠯᠳ᠋ᠠ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢ ᠴᠢᠩᠭ᠋ᠠᠳᠬᠠᠬᠤ᠂ ᠤᠷᠤᠨ ᠨᠤᠳ᠋ᠤᠭ ᠤᠨ ᠴᠢᠳ᠋ᠠᠪᠤᠷᠢᠳ᠋ᠠᠨ ᠤ ᠡᠩᠨᠡᠭᠡ ᠶᠢ ᠪᠤᠢ᠌ᠵᠢᠭᠤᠯᠬᠤ ᠪᠠ ᠭᠠᠳ᠋ᠠᠨ᠎ᠠ ᠡᠴᠡ ᠤᠷᠤᠵᠤ ᠢᠷᠡᠭ᠍ᠰᠡᠨ ᠮᠠᠯ ᠢ ᠴᠡᠪᠡᠷᠯᠡᠬᠦ᠂ ᠡᠭᠦᠯᠳ᠋ᠡᠷ ᠢ ᠰᠠᠢ᠌ᠵᠢᠷᠠᠭᠤᠯᠬᠤ ᠵᠡᠷᠭᠡ ᠲᠠᠯ᠎ᠠ ᠪᠠᠷ ᠰᠠᠨᠠᠯ ᠶᠢᠡᠨ ᠭᠦᠨᠵᠡᠭᠡᠢ ᠰᠤᠯᠢᠯᠴᠡᠨ᠂ ᠬᠠᠨᠳ᠋ᠤᠯᠭᠠᠳ᠋ᠤ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭ᠋ᠠᠳᠬᠠᠬᠤ ᠬᠤᠷᠠᠯ ᠬᠤᠷᠠᠯᠳ᠋ᠤᠪᠠ