ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭ᠋ᠠᠳᠬᠠᠬᠤ ᠬᠤᠷᠠᠯ ᠬᠤᠷᠠᠯᠳ᠋ᠤᠪᠠ
7 ᠰᠠᠷ᠎ᠠ ᠶᠢᠨ 8 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭ᠋ᠠᠳᠬᠠᠬᠤ ᠬᠤᠷᠠᠯ ᠢ ᠡᠷᠬᠢᠯᠡᠨ ᠬᠤᠷᠠᠯᠳ᠋ᠤᠭᠤᠯᠪᠠ᠃ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠠᠯᠪᠠᠨ ᠭᠡᠷ ᠤᠨ ᠡᠷᠬᠢᠯᠡᠭ᠍ᠴᠢ ᠯᠢ ᠴᠸᠩ ᠭᠦᠸᠸ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠪᠠ ᠬᠤᠰᠢᠭᠤᠨ ᠤ ᠬᠠᠮ ᠵᠠᠭᠤᠴᠢᠯᠠᠭᠤᠷ ᠤᠨ ᠲᠦ᠋ᠪ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠬᠦᠳ ᠤᠷᠤᠯᠴᠠᠪᠠ᠃
ᠡᠦ ᠴᠢᠩ ᠬᠠᠢ ᠡᠴᠡ᠂ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠶᠡᠷᠦᠩᠬᠡᠢ ᠱᠦ᠋ᠵᠢ ᠰᠢ ᠵᠢᠨ ᠫᠢᠩ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠤᠯ ᠢ ᠪᠠᠷᠢᠮᠳ᠋ᠡᠯᠡᠨ ᠲᠡᠭᠦᠯᠳ᠋ᠡᠷᠵᠢᠭᠦᠯᠬᠦ ᠲᠤᠬᠠᠢ ᠦᠵᠡᠯ ᠰᠠᠨᠠᠭ᠎ᠠ ᠲᠡᠶ ᠨᠢᠭᠳ᠋ᠠ ᠤᠶᠠᠯᠳ᠋ᠤᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠪᠤᠳ᠋ᠠᠳ᠋ᠤ ᠪᠠᠢ᠌ᠳ᠋ᠠᠯ ᠳᠤ ᠰᠠᠭᠤᠷᠢᠯᠠᠵᠤ᠂ ᠴᠡᠭ᠌ ᠲᠠᠯ᠎ᠠ ᠶᠢ ᠤᠶᠠᠯᠳ᠋ᠤᠭᠤᠯᠬᠤ ᠬᠡᠯᠪᠡᠷᠢ ᠪᠠᠷ ᠭᠠᠷᠳ᠋ᠠᠬᠤ ᠴᠡᠭ᠌ ᠶᠢᠡᠨ ᠡᠷᠢᠨ ᠤᠯᠵᠤ᠂ ᠰᠢᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠬᠠᠨᠳ᠋ᠤᠭᠠᠯᠳ᠋ᠤ ᠴᠢᠨᠠᠷ ᠢ ᠴᠢᠩᠭ᠋ᠠᠳᠬᠠᠬᠤ ᠬᠡᠷᠡᠭ᠍ᠳ᠋ᠠᠢ︔ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ᠂ ᠭᠢᠯᠡᠰ ᠴᠡᠭ᠌ ᠤᠨ ᠠᠵᠢᠯ ᠢ ᠠᠭᠤᠳ᠋ᠠᠯᠠᠨ ᠭᠠᠷᠭᠠᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠦᠯᠢᠭᠡᠷ ᠢ ᠰᠠᠢ᠌ᠳ᠋ᠤᠷ ᠶᠠᠷᠢᠵᠤ᠂ ᠠᠷᠠᠳ ᠤᠨ ᠲᠦ᠋ᠯᠦᠭᠡᠯᠡᠭ᠍ᠴᠢ ᠶᠢᠨ ᠬᠠᠦᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠪᠠᠢ᠌ᠬᠤ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭ᠍ᠳ᠋ᠠᠢ︔ ᠰᠢᠨ᠎ᠠ ᠴᠠᠭ ᠦᠶ᠎ᠠ ᠶᠢᠨ ᠵᠠᠷᠤᠳ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠦᠯᠢᠭᠡᠷ ᠢ ᠠᠮᠢᠳ᠋ᠤᠯᠢᠭ ᠶᠢᠡᠷ ᠰᠠᠢ᠌ᠳ᠋ᠤᠷ ᠶᠠᠷᠢᠵᠤ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠬᠤ ᠳᠤ ᠰᠡᠳᠭᠢᠯ ᠶᠢᠡᠨ ᠨᠢᠭᠡᠳᠭᠡᠨ ᠬᠦᠴᠦ ᠪᠠᠨ ᠬᠠᠮᠳ᠋ᠤᠳᠬᠠᠵᠤ᠂ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠳᠤ ᠨᠡᠩ ᠰᠠᠢ᠌ᠳ᠋ᠤᠷ ᠦᠢᠯᠡᠴᠢᠯᠡᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃
ᠡᠦ ᠴᠢᠩ ᠬᠠᠢ ᠪᠠᠰᠠ ᠲᠠᠷᠠᠭᠠᠴᠢ ᠶᠢᠨ ᠠᠯᠬᠤᠮ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠬᠤ ᠠᠵᠢᠯ ᠤᠨ ᠲᠤᠭᠤᠷᠢᠨ ᠳᠤ ᠪᠤᠳ᠋ᠠᠳ᠋ᠠᠢ ᠲᠤᠬᠢᠷᠠᠭᠤᠯᠤᠨ ᠪᠠᠢ᠌ᠷᠢᠯᠠᠭᠤᠯᠤᠯᠳ᠋ᠠ ᠬᠢᠪᠡ᠃
ᠬᠤᠷᠠᠯ ᠲᠡᠭᠡᠷ᠎ᠠ᠂ ᠯᠢ ᠴᠸᠩ ᠭᠦᠸᠸ ᠡᠴᠡ ᠪᠦᠬᠦ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠰᠲ᠋ᠸᠮ ᠤᠨ ᠮᠡᠳ᠋ᠡᠭᠡ ᠵᠠᠩᠭᠢ ᠶᠢᠨ ᠠᠵᠢᠯ ᠤᠨ ᠪᠤᠯᠪᠠᠰᠤᠷᠠᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠲᠠᠷᠬᠠᠭᠠᠵᠤ᠂ ᠮᠡᠳ᠋ᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠬᠢᠵᠦ ᠪᠠᠢ᠌ᠭ᠎ᠠ ᠠᠵᠢᠯᠳ᠋ᠡᠨ ᠤ ᠪᠤᠯᠪᠠᠰᠤᠷᠠᠯ ᠦᠷᠨᠢᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠰᠲ᠋ᠸᠮ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠶᠢᠨ ᠡᠩᠨᠡᠭᠡ ᠶᠢᠨ ᠪᠠᠢ᠌ᠭᠤᠯᠤᠯᠳ᠋ᠠ ᠶᠢ ᠲᠠᠰᠤᠷᠠᠯᠳ᠋ᠠ ᠦᠭᠡᠶ ᠴᠢᠩᠭ᠋ᠠᠳᠬᠠᠵᠤ᠂ ᠤᠷᠤᠰᠢᠵᠤ ᠪᠠᠢ᠌ᠬᠤ ᠠᠰᠠᠭᠤᠳ᠋ᠠᠯ ᠢ ᠬᠦᠴᠦᠯᠡᠨ ᠰᠢ᠌ᠳᠪᠦᠷᠢᠯᠡᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠳᠤ ᠲᠠᠢ᠌ᠯᠪᠤᠷᠢᠯᠠᠯᠳ᠋ᠠ ᠬᠢᠬᠦ ᠶᠢ ᠠᠬᠢᠭᠤᠯᠪᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠦ᠋ᠪ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠬᠦᠳ ᠶᠠᠷᠢᠶ᠎ᠠ ᠢᠯᠡᠳᠭᠡᠯ ᠬᠢᠪᠡ᠃ (ᠨᠠᠢ᠌ᠷᠠᠭᠤᠯᠤᠭᠴᠢ᠄ ᠯᠸᠢ ᠫᠠᠩ)