ᠬᠤᠷᠴᠢᠨ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠤᠭᠤᠷᠢᠨ ᠰᠤᠷᠤᠯᠴᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠲᠤᠭᠤᠷᠢᠨ ᠰᠤᠷᠤᠯᠴᠠᠪᠠ
7 ᠰᠠᠷ᠎ᠠ ᠶᠢᠨ 9 ᠤ ᠡᠳ᠋ᠦᠷ᠂ ᠬᠤᠷᠴᠢᠨ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠡᠳ᠋ ᠡᠷᠬᠢᠯᠡᠭ᠍ᠴᠢ ᠶᠠᠩ ᠵᠢᠩ ᠮᠢᠩ ᠲᠤᠭᠤᠷᠢᠨ ᠪᠠᠢ᠌ᠴᠠᠭᠠᠬᠤ ᠪᠦᠯᠬᠦᠮ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠠᠮᠢᠳ᠋ᠤᠷᠠᠯ ᠤᠨ ᠲᠦ᠋ᠷᠦᠯ ᠵᠦ᠋ᠢᠯ ᠢ ᠪᠢᠯᠸᠲ ᠦᠭ᠍ᠴᠦ ᠪᠠᠳ᠋ᠤᠯᠠᠬᠤ ᠲᠦ᠋ᠷᠢᠮ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠡᠭᠦᠳ᠋ᠦᠨ ᠪᠠᠢ᠌ᠭᠤᠯᠬᠤ ᠶᠢ ᠠᠬᠢᠭᠤᠯᠬᠤ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠲᠡᠷᠢᠭᠦᠨ ᠤ ᠲᠤᠷᠰᠢᠯᠭ᠎ᠠ ᠶᠢ ᠲᠤᠭᠤᠷᠢᠨ ᠪᠠᠢ᠌ᠴᠠᠭᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ ᠪᠠᠷ᠎ᠠ ᠪᠤᠯᠪᠠ᠃

ᠲᠤᠭᠤᠷᠢᠨ ᠪᠠᠢ᠌ᠴᠠᠭᠠᠬᠤ ᠪᠦᠯᠬᠦᠮ ᠤᠨ ᠬᠢᠨ ᠤᠷᠢᠳ ᠬᠤᠵᠢᠳ ᠡᠮᠦᠨ᠎ᠠ ᠪᠤᠯᠠᠭᠳ᠋ᠤ ᠮᠦ᠋ᠽᠸᠢ ᠶᠢᠨ ᠤᠷᠳ᠋ᠤᠨ᠂ ᠦᠪᠦᠷ ᠮᠤᠩᠭ᠋ᠤᠯ ᠤᠨ ᠬᠠᠨ ᠠᠭᠤᠯᠠ ᠶᠢᠨ ᠤᠯᠤᠰ ᠤᠨ ᠲᠡᠰ ᠤᠨ ᠪᠠᠢ᠌ᠭᠠᠯᠢ ᠶᠢᠨ ᠬᠠᠮᠠᠭᠠᠯᠠᠯᠳ᠋ᠠ ᠶᠢᠨ ᠤᠷᠤᠨ᠂ ᠲᠦ᠋ᠩᠯᠢᠶᠤᠤ ᠶᠢᠨ ᠬᠤᠢ᠌ᠳ᠋ᠤ ᠬᠡᠰᠡᠭ᠌ ᠤᠨ ᠵᠠᠭᠤᠨ ᠲᠦ᠋ᠮᠡᠨ ᠮᠤ ᠪᠠᠢ᠌ᠭᠠᠯᠢ ᠶᠢᠨ ᠨᠤᠳ᠋ᠤᠭ ᠪᠡᠯᠴᠢᠭᠡᠷ ᠢ ᠪᠢᠳ᠋ᠡᠭᠦᠮᠵᠢᠯᠡᠨ ᠴᠠᠭᠠᠵᠠᠯᠠᠬᠤ ᠬᠠᠮᠠᠭᠠᠯᠠᠯᠳ᠋ᠠ ᠶᠢᠨ ᠤᠷᠤᠨ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠬᠤ᠂ ᠲᠠᠨᠢᠯᠴᠠᠭᠤᠯᠭ᠎ᠠ ᠶᠢ ᠰᠤᠨᠤᠰᠬᠤ᠂ ᠤᠬᠤᠷ ᠸᠢᠳᠢᠣ᠋ ᠦᠵᠡᠬᠦ ᠵᠡᠷᠭᠡ ᠬᠡᠯᠪᠡᠷᠢ ᠪᠠᠷ ᠲᠠᠮᠵᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠠᠮᠢᠳ᠋ᠤᠷᠠᠯ ᠤᠨ ᠲᠦ᠋ᠷᠦᠯ ᠵᠦ᠋ᠢᠯ ᠢ ᠪᠢᠯᠸᠲ ᠦᠭ᠍ᠴᠦ ᠪᠠᠳ᠋ᠤᠯᠠᠬᠤ ᠲᠦ᠋ᠷᠢᠮ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠡᠭᠦᠳ᠋ᠦᠨ ᠪᠠᠢ᠌ᠭᠤᠯᠬᠤ ᠶᠢ ᠠᠬᠢᠭᠤᠯᠬᠤ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠲᠡᠷᠢᠭᠦᠨ ᠤ ᠲᠤᠷᠰᠢᠯᠭ᠎ᠠ ᠶᠢ ᠨᠠᠷᠢᠨ ᠤᠢ᠌ᠯᠠᠭᠠᠪᠠ᠃
ᠲᠤᠭᠤᠷᠢᠨ ᠪᠠᠢ᠌ᠴᠠᠭᠠᠬᠤ ᠪᠦᠯᠬᠦᠮ ᠡᠴᠡ ᠲᠤᠰ ᠤᠳ᠋ᠠᠭᠠᠨ ᠤ ᠲᠤᠭᠤᠷᠢᠨ ᠪᠠᠢ᠌ᠴᠠᠭᠠᠯᠳ᠋ᠠ ᠨᠢ ᠤᠯᠤᠯᠳ᠋ᠠ ᠶᠡᠬᠡ ᠪᠠᠢ᠌ᠵᠤ᠂ ᠵᠠᠷᠤᠳ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠵᠡᠷᠭᠡ ᠲᠠᠯ᠎ᠠ ᠪᠠᠷ ᠬᠢ ᠦᠷ᠎ᠠ ᠪᠦᠳ᠋ᠦᠮᠵᠢ ᠨᠢ ᠰᠤᠷᠤᠯᠴᠠᠭᠤᠰᠢᠳ᠋ᠠᠢ ᠮᠦ᠋ᠷᠳ᠋ᠡᠭᠡᠨ ᠲᠤᠯᠢ ᠪᠤᠯᠭᠠᠭᠤᠰᠢᠳ᠋ᠠᠢ ᠭᠡᠵᠦ ᠢᠯᠡᠷᠭᠡᠢ᠌ᠯᠡᠪᠡ᠃ (ᠨᠠᠢ᠌ᠷᠠᠭᠤᠯᠤᠭᠴᠢ᠄ ᠯᠸᠢ ᠫᠠᠩ)