ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠰᠦ᠋ᠯᠵᠢᠶᠡᠨ ᠲᠡᠭᠡᠷ᠎ᠠ ᠲᠦ᠋ᠪᠯᠡᠷᠡᠭᠦᠯᠦᠨ ᠰᠤᠷᠤᠯᠴᠠᠬᠤ ᠪᠤᠯᠪᠠᠰᠤᠷᠠᠯ ᠤᠨ ᠬᠤᠷᠠᠯ ᠦᠷᠨᠢᠭᠦᠯᠪᠡ

       
          7 ᠰᠠᠷ᠎ᠠ ᠶᠢᠨ 13 ᠤ ᠡᠳ᠋ᠦᠷ ᠡᠴᠡ 14 ᠤ ᠡᠳ᠋ᠦᠷ ᠪᠤᠯᠳ᠋ᠠᠯ᠎ᠠ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠪᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢᠳ ᠢ ᠵᠤᠬᠢᠶᠠᠨ ᠪᠠᠢ᠌ᠭᠤᠯᠵᠤ ᠰᠦ᠋ᠯᠵᠢᠶᠡᠨ ᠲᠡᠭᠡᠷ᠎ᠠ ᠲᠦ᠋ᠪᠯᠡᠷᠡᠭᠦᠯᠦᠨ ᠰᠤᠷᠤᠯᠴᠠᠬᠤ ᠪᠤᠯᠪᠠᠰᠤᠷᠠᠯ ᠤᠨ ᠬᠤᠷᠠᠯ ᠦᠷᠨᠢᠭᠦᠯᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠪᠤᠯᠪᠠᠰᠤᠷᠠᠯ ᠤᠨ ᠬᠤᠷᠠᠯ ᠳᠤ ᠰᠠᠭᠠᠳ᠋ᠠᠵᠤ᠂ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠠᠯᠠᠭᠠᠨ ᠲᠡᠰ ᠡᠴᠡ ᠲᠡᠭᠡᠭ᠍ᠰᠢᠬᠢ ᠺᠠᠳ᠋ᠷᠴᠤᠳ ᠬᠤᠷᠠᠯ ᠳᠤ ᠤᠷᠤᠯᠴᠠᠪᠠ᠃ ᠪᠤᠯᠪᠠᠰᠤᠷᠠᠯ ᠤᠨ ᠬᠤᠷᠠᠯ ᠢ ᠪᠤᠤ ᠯᠦ᠋ᠩ ᠡᠷᠬᠢᠯᠡᠪᠡ᠃ 

        
        ᠬᠤᠶᠠᠷ ᠡᠳ᠋ᠦᠷ ᠤᠨ ᠬᠤᠭᠤᠴᠠᠭᠠᠨ ᠤ ᠪᠤᠯᠪᠠᠰᠤᠷᠠᠯ ᠤᠨ ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠡᠳ 《ᠶᠡᠷᠦᠩᠬᠡᠢ ᠱᠦ᠋ᠵᠢ ᠰᠢ ᠵᠢᠨ ᠫᠢᠩ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠤᠯ ᠢ ᠪᠠᠷᠢᠮᠳ᠋ᠠᠯᠡᠨ ᠲᠡᠭᠦᠯᠳ᠋ᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠪᠦᠬᠦ ᠶᠡᠪᠤᠴᠠ ᠳ᠋ᠡᠬᠢ ᠠᠷᠠᠳ ᠤᠨ ᠠᠷᠠᠳᠴᠢᠯᠡᠯ ᠢ ᠲᠠᠰᠤᠷᠠᠯᠳ᠋ᠡ ᠦᠭᠡᠶ ᠬᠦᠭ᠍ᠵᠢᠭᠦᠯᠦᠨ᠂ ᠠᠷᠠᠳ ᠲᠦ᠋ᠮᠡᠨ ᠤ ᠡᠷᠬᠡ ᠮᠡᠳ᠋ᠡᠵᠦ ᠡᠵᠡᠨ ᠰᠠᠭᠤᠬᠤ ᠶᠢ ᠪᠠᠷᠢᠮᠳ᠋ᠡᠯᠡᠨ ᠪᠠᠳ᠋ᠤᠯᠠᠬᠤ》 《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠷᠢᠮ ᠪᠤᠯ ᠮᠠᠨ ᠤᠨ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠡᠯ ᠢ ᠪᠡᠶᠡᠯᠡᠭᠦᠯᠬᠦ ᠴᠢᠬᠤᠯᠠ ᠲᠦ᠋ᠷᠢᠮ ᠤᠨ ᠠᠴᠢᠶᠠᠯᠠᠪᠤᠷᠢ ᠮᠦ᠋ᠨ》 《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠢᠨᠠᠯᠳ᠋ᠠ ᠬᠢᠭᠡᠳ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠢᠯᠡᠳ᠋ᠦᠯᠭᠡ》 《ᠤᠷᠤᠨ ᠨᠤᠳ᠋ᠤᠭ ᠤᠨ ᠵᠤᠬᠢᠶᠠᠨ ᠪᠠᠢ᠌ᠭᠤᠯᠤᠯᠳ᠋ᠠ ᠶᠢᠨ ᠬᠠᠦᠯᠢ ᠪᠠ ᠤᠷᠤᠨ ᠨᠤᠳ᠋ᠤᠭ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ》 《ᠨᠠᠮ ᠤᠨ ᠠᠷᠪᠠ ᠶᠢᠰᠦᠳ᠋ᠦᠭᠡᠷ ᠬᠤᠭᠤᠴᠠᠭᠠᠨ ᠤ ᠲᠦ᠋ᠪ ᠬᠤᠷᠢᠶᠠᠨ ᠤ ᠵᠢᠷᠭᠤᠳ᠋ᠤᠭᠠᠷ ᠪᠦᠭᠦᠳ᠋ᠡ ᠬᠤᠷᠠᠯ ᠪᠠ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠤᠶ᠎ᠠ》 《ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳ᠋ᠤᠯᠭ᠎ᠠ ᠪᠤᠯᠭᠠᠵᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠰᠦᠪ ᠤᠨ ᠬᠢᠨᠠᠨ ᠪᠠᠢ᠌ᠴᠠᠭᠠᠯᠳ᠋ᠠ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳ᠋ᠠ ᠶᠢᠨ ᠪᠠᠢ᠌ᠳ᠋ᠠᠯ ᠳᠤ ᠬᠢᠨᠠᠯᠳ᠋ᠠ ᠲᠠᠯᠪᠢᠬᠤ ᠪᠠ ᠡᠳ᠋ ᠤᠨ ᠵᠠᠰᠠᠭ ᠭᠠᠢ᠌ᠯᠢ ᠶᠢᠨ ᠬᠠᠦᠯᠢ ᠲᠤᠭᠳ᠋ᠠᠭᠠᠬᠤ ᠠᠵᠢᠯ ᠢ ᠰᠠᠢ᠌ᠳ᠋ᠤᠷ ᠬᠢᠭᠦ》 《ᠲᠦ᠋ᠯᠦᠭᠡᠯᠡᠭ᠍ᠴᠢ ᠶᠢᠨ ᠬᠠᠦᠯᠢ ᠪᠠ ᠲᠦ᠋ᠯᠦᠭᠡᠯᠡᠭ᠍ᠴᠢ ᠶᠢᠨ ᠠᠵᠢᠯ》 《ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠪᠡᠬᠢᠵᠢᠭᠦᠯᠬᠦ ᠊᠊᠊᠊᠊᠊᠊᠊᠊᠊᠊᠊᠊᠊᠊ 2021 ᠤᠨ ᠤ ᠲᠦ᠋ᠪ ᠤᠨ ᠦᠨᠳ᠋ᠦᠰᠦᠳ᠋ᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ》 ᠵᠡᠷᠭᠡ ᠬᠢᠴᠢᠶᠡᠯ ᠢ ᠲᠦ᠋ᠪᠯᠡᠷᠡᠨ ᠰᠤᠷᠤᠯᠴᠠᠵᠤ᠂ ᠪᠤᠯᠪᠠᠰᠤᠷᠠᠯ ᠤᠨ ᠠᠭᠤᠯᠭ᠎ᠠ ᠪᠠᠶᠠᠯᠢᠭ ᠪᠠᠢ᠌ᠵᠤ᠂ ᠮᠠᠰᠢ ᠴᠢᠩᠭ᠎ᠠ ᠬᠠᠨᠳ᠋ᠤᠭᠠᠯᠳ᠋ᠤ ᠴᠢᠨᠠᠷ᠂ ᠵᠢᠯᠤᠭᠤᠳᠬᠤ ᠴᠢᠨᠠᠷ ᠪᠠ ᠦᠢᠯᠡᠳ᠋ᠦᠯᠭᠡᠳ᠋ᠦ ᠴᠢᠨᠠᠷ ᠲᠡᠶ᠃ 

        


       
          ᠪᠤᠯᠪᠠᠰᠤᠷᠠᠯ ᠪᠠᠷ ᠲᠠᠮᠵᠢᠨ᠂ ᠬᠤᠷᠠᠯ ᠳᠤ ᠤᠷᠤᠯᠴᠠᠭᠰᠡᠳ ᠡᠴᠡ ᠬᠠᠮᠢᠶ᠎ᠠ ᠪᠦᠬᠦᠢ ᠬᠠᠦᠯᠢ ᠲᠤᠭᠳ᠋ᠠᠭᠠᠯ ᠬᠠᠦᠯᠢ ᠲᠦ᠋ᠷᠢᠮ ᠪᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠬᠠᠢ᠌ᠯᠠᠭᠰᠠᠨ ᠠᠵᠢᠯ ᠤᠨ ᠮᠡᠳ᠋ᠡᠯᠭᠡ ᠶᠢ ᠤᠢ᠌ᠯᠠᠭᠠᠨ ᠡᠵᠡᠮᠰᠢᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠰᠢᠨᠵᠢ ᠴᠢᠨᠠᠷ᠂ ᠪᠠᠢ᠌ᠷᠢ ᠰᠠᠭᠤᠷᠢ ᠪᠠ ᠦᠢᠯᠡᠳ᠋ᠦᠯ ᠤᠨ ᠲᠤᠬᠠᠢ ᠲᠠᠨᠢᠯᠳ᠋ᠠ ᠶᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠬᠠᠦᠯᠢ ᠲᠦ᠋ᠷᠢᠮ ᠤᠨ ᠦᠵᠡᠯᠳ᠋ᠡ ᠪᠠ ᠬᠠᠦᠯᠢ ᠴᠠᠭᠠᠵᠠ ᠶᠢᠨ ᠤᠬᠠᠮᠰᠡᠷ ᠢ ᠴᠢᠩᠭ᠋ᠠᠳᠬᠠᠵᠤ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠬᠠᠢ᠌ᠯᠠᠭᠰᠠᠨ ᠠᠵᠢᠯ ᠤᠨ ᠬᠢᠷᠢ ᠲᠦ᠋ᠪᠰᠢᠨ ᠪᠠ ᠲᠦ᠋ᠯᠦᠭᠡᠯᠡᠭ᠍ᠴᠢ ᠶᠢᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠᠨ ᠨᠡᠩ ᠰᠠᠢ᠌ᠳ᠋ᠤᠷ ᠲᠡᠭᠡᠭ᠍ᠰᠢᠯᠡᠭᠦᠯᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠷᠴᠢᠨ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠤᠭᠤᠷᠢᠨ ᠰᠤᠷᠤᠯᠴᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠲᠤᠭᠤᠷᠢᠨ ᠰᠤᠷᠤᠯᠴᠠᠪᠠ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠲᠦ᠋ᠩᠯᠢᠶᠤᠤ ᠬᠤᠳ᠋ᠠ ᠶᠢᠨ ᠲᠦ᠋ᠢᠯᠰᠢᠷᠠᠭᠰᠠᠨ ᠴᠠᠭ ᠠᠭᠤᠷ ᠢ ᠠᠷᠭᠠᠴᠠᠬᠤ ᠲᠦ᠋ᠷᠢᠮ (ᠲᠦ᠋ᠰᠦᠯ)》 ᠤᠨ ᠰᠠᠨᠠᠯ ᠬᠤᠷᠢᠶᠠᠬᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ