ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠲᠦ᠋ᠩᠯᠢᠶᠤᠤ ᠬᠤᠳ᠋ᠠ ᠶᠢᠨ ᠲᠦ᠋ᠢᠯᠰᠢᠷᠠᠭᠰᠠᠨ ᠴᠠᠭ ᠠᠭᠤᠷ ᠢ ᠠᠷᠭᠠᠴᠠᠬᠤ ᠲᠦ᠋ᠷᠢᠮ (ᠲᠦ᠋ᠰᠦᠯ)》 ᠤᠨ ᠰᠠᠨᠠᠯ ᠬᠤᠷᠢᠶᠠᠬᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ

       
        7 ᠰᠠᠷ᠎ᠠ ᠶᠢᠨ 15 ᠤ ᠡᠳ᠋ᠦᠷ᠂ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠯᠪᠠᠨ ᠭᠡᠷ ᠤᠨ ᠪᠢᠴᠢᠭ᠌ ᠮᠠᠲ᠋ᠸᠷᠢᠶᠠᠯ ᠤᠨ ᠱᠠᠭᠠᠷᠳ᠋ᠠᠯᠭ᠎ᠠ ᠶᠤᠰᠤᠭᠠᠷ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ 《ᠲᠦ᠋ᠩᠯᠢᠶᠤᠤ ᠬᠤᠳ᠋ᠠ ᠶᠢᠨ ᠲᠦ᠋ᠢᠯᠰᠢᠷᠠᠭᠰᠠᠨ ᠴᠠᠭ ᠠᠭᠤᠷ ᠢ ᠠᠷᠭᠠᠴᠠᠬᠤ ᠲᠦ᠋ᠷᠢᠮ (ᠲᠦ᠋ᠰᠦᠯ)》 ᠤᠨ ᠰᠠᠨᠠᠯ ᠬᠤᠷᠢᠶᠠᠬᠤ ᠰᠠᠭᠤᠳ᠋ᠠᠯ ᠤᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ᠂ ᠬᠤᠰᠢᠭᠤᠨ ᠤ ᠵᠠᠰᠠᠭ ᠤᠨ ᠤᠷᠳ᠋ᠤᠨ ᠤ ᠠᠯᠪᠠᠨ ᠭᠡᠷ᠂ ᠬᠤᠰᠢᠭᠤᠨ ᠤ ᠪᠠᠴᠢᠮ ᠪᠠᠢ᠌ᠳ᠋ᠠᠯ ᠢ ᠠᠷᠭᠠᠴᠠᠬᠤ ᠬᠠᠮᠢᠶᠠᠷᠤᠯᠳ᠋ᠠ ᠶᠢᠨ ᠲᠤᠪᠴᠢᠶ᠎ᠠ᠂ ᠬᠤᠰᠢᠭᠤᠨ ᠤ ᠴᠠᠭ ᠠᠭᠤᠷ ᠤᠨ ᠲᠤᠪᠴᠢᠶ᠎ᠠ ᠵᠡᠷᠭᠡ ᠭᠤᠤᠯᠳ᠋ᠠᠯᠭ᠎ᠠ ᠲᠡᠶ ᠰᠠᠯᠠᠭ᠎ᠠ ᠮᠦ᠋ᠴᠢᠷ ᠪᠠ ᠯᠦ᠋ᠪᠸᠢ ᠪᠠᠯᠭᠠᠰᠤ᠂ ᠪᠠᠶᠠᠷᠳ᠋ᠤᠬᠤᠰᠢᠭᠤ ᠪᠠᠯᠭᠠᠰᠤ ᠵᠡᠷᠭᠡ ᠰᠤᠮᠤ  ᠪᠠᠯᠭᠠᠰᠤ ᠵᠢᠴᠢ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳ᠋ᠠᠯᠳ᠋ᠤᠭ᠎ᠠ ᠲᠡᠯᠭᠡᠭᠦᠷ᠂ ᠠᠵᠤ ᠠᠬᠤᠢ᠌ᠯᠠᠯ ᠵᠡᠷᠭᠡ 27 ᠰᠠᠯᠠᠭ᠎ᠠ ᠮᠦ᠋ᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠰᠠᠭᠤᠳ᠋ᠠᠯ ᠤᠨ ᠬᠤᠷᠠᠯ ᠳᠤ ᠤᠷᠤᠯᠴᠠᠪᠠ᠃

        
          ᠬᠤᠷᠠᠯ ᠳᠤ ᠤᠷᠤᠯᠴᠠᠭᠰᠡᠳ ᠲᠤᠰ ᠭᠠᠵᠠᠷ ᠤᠷᠤᠨ ᠲᠤᠰ ᠰᠠᠯᠠᠭ᠎ᠠ ᠮᠦ᠋ᠴᠢᠷ ᠲᠤᠰ ᠠᠵᠢᠯ ᠲᠦ᠋ᠷᠦᠯ ᠤᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ ᠨᠠᠷᠢᠨ ᠬᠢᠨᠠᠮᠠᠭᠠᠢ ᠰᠤᠳ᠋ᠤᠯᠤᠨ ᠶᠠᠷᠢᠯᠴᠠᠵᠤ᠂ ᠲᠠᠷᠠᠭᠠᠯᠠᠨ ᠶᠠᠷᠢᠶ᠎ᠠ ᠢᠯᠡᠳᠭᠡᠯ ᠬᠢᠵᠦ᠂ ᠪᠦᠳ᠋ᠦᠭᠡᠨ ᠪᠠᠢ᠌ᠭᠤᠯᠤᠯᠳ᠋ᠠ ᠶᠢᠨ ᠴᠢᠨᠠᠷᠳ᠋ᠠᠢ᠂ ᠬᠡᠷᠡᠭ᠍ᠵᠢᠭᠦᠯᠵᠦ ᠪᠤᠯᠬᠤᠢ᠌ᠴᠠ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃

        

     ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠲᠡᠭᠡᠷ᠎ᠠ ᠲᠤᠷᠠᠳ᠋ᠤᠭᠰᠠᠨ ᠰᠠᠨᠠᠯ ᠰᠠᠨᠠᠭᠤᠯᠭ᠎ᠠ ᠶᠢ ᠡᠮᠬᠢᠯᠡᠨ ᠬᠤᠷᠢᠶᠠᠩᠭ᠋ᠤᠢ᠌ᠯᠠᠵᠤ᠂ 《ᠲᠦ᠋ᠩᠯᠢᠶᠤᠤ ᠬᠤᠳ᠋ᠠ ᠶᠢᠨ ᠲᠦ᠋ᠢᠯᠰᠢᠷᠠᠭᠰᠠᠨ ᠴᠠᠭ ᠠᠭᠤᠷ ᠢ ᠠᠷᠭᠠᠴᠠᠬᠤ ᠲᠦ᠋ᠷᠢᠮ (ᠲᠦ᠋ᠰᠦᠯ)》 ᠤᠨ ᠠᠵᠢᠯ ᠢ ᠰᠢᠨᠵᠢᠯᠡᠬᠦ ᠤᠬᠠᠭᠠᠨᠴᠢ ᠲᠤᠬᠢᠷᠠᠮᠵᠢᠳ᠋ᠠᠢ ᠵᠠᠰᠠᠨ ᠲᠡᠭᠦᠯᠳ᠋ᠡᠷᠵᠢᠭᠦᠯᠬᠦ ᠳᠤ ᠠᠰᠢᠭᠳ᠋ᠠᠢ ᠯᠠᠪᠯᠠᠯᠳ᠋ᠠ ᠬᠠᠩᠭ᠋ᠠᠨ ᠦᠭ‍ᠬᠦᠨ᠎ᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠰᠦ᠋ᠯᠵᠢᠶᠡᠨ ᠲᠡᠭᠡᠷ᠎ᠠ ᠲᠦ᠋ᠪᠯᠡᠷᠡᠭᠦᠯᠦᠨ ᠰᠤᠷᠤᠯᠴᠠᠬᠤ ᠪᠤᠯᠪᠠᠰᠤᠷᠠᠯ ᠤᠨ ᠬᠤᠷᠠᠯ ᠦᠷᠨᠢᠭᠦᠯᠪᠡ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠪᠠᠢ᠌ᠴᠠᠭᠠᠨ ᠰᠤᠳ᠋ᠤᠯᠵᠤ ᠬᠢᠨᠠᠨ ᠵᠢᠯᠤᠭᠤᠳᠪᠠ