ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠠᠷᠠᠳ ᠤᠨ ᠲᠦ᠋ᠯᠦᠭᠡᠯᠡᠭ᠍ᠴᠢ ᠵᠠᠩ ᠳ᠋ᠠ ᠯᠢ᠁
ᠠᠷᠠᠳ ᠤᠨ ᠲᠦ᠋ᠯᠦᠭᠡᠯᠡᠭ᠍ᠴᠢ ᠵᠠᠩ ᠳ᠋ᠠ ᠯᠢ ᠦᠨᠡᠨᠴᠢ ᠰᠢᠳ᠋ᠤᠷᠭᠤ ᠪᠠᠷ ᠬᠠᠷᠢᠭᠤᠴᠠᠯᠭ᠎ᠠ ᠪᠠᠨ ᠭᠦᠢᠴᠡᠳᠭᠡᠵᠦ᠂ ᠠᠷᠠᠳ ᠤᠨ ᠲᠦ᠋ᠯᠦᠭᠡ ᠭᠡᠬᠦ ᠤᠭ ᠰᠠᠨᠠᠭ᠎ᠠ ᠪᠠᠨ ᠦᠨᠢᠳ᠋ᠡ ᠪᠠᠳ᠋ᠠᠷᠠᠭᠤᠯᠵᠦ ᠪᠠᠢ᠌ᠭ᠎ᠠ

        ᠵᠠᠩ ᠳ᠋ᠠ ᠯᠢ᠂ ᠡᠪ ᠬᠠᠮᠳ᠋ᠤ ᠨᠠᠮ ᠤᠨ ᠭᠡᠰᠢᠭᠦᠨ ᠯᠦ᠋ᠪᠸᠢ ᠪᠠᠯᠭᠠᠰᠤᠨ ᠤ ᠵᠦ᠋ᠩ ᠰᠢᠩ ᠲᠤᠰᠬᠤᠨ ᠤ ᠨᠠᠮ ᠤᠨ ᠡᠭᠦᠷ ᠤᠨ ᠱᠦ᠋ᠵᠢ᠂ ᠡᠷᠬᠢᠯᠡᠭ᠍ᠴᠢ᠂ ᠤᠷᠢᠳ ᠬᠤᠵᠢᠳ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭ᠎ᠠ᠂ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠪᠠ ᠯᠦ᠋ᠪᠸᠢ ᠪᠠᠯᠭᠠᠰᠤᠨ ᠤ ᠠᠷᠪᠠᠨ ᠲᠤᠯᠤᠳ᠋ᠤᠭᠠᠷ ᠬᠤᠭᠤᠴᠠᠭ᠎ᠠ᠂ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠪᠠᠷ ᠰᠤᠩᠭ᠋ᠤᠭᠳ᠋ᠠᠪᠠ᠃

        ᠠᠷᠠᠳ ᠤᠨ ᠲᠦ᠋ᠯᠦᠭᠡᠯᠡᠭ᠍ᠴᠢ ᠪᠠᠷ ᠰᠤᠩᠭ᠋ᠤᠭᠳ᠋ᠠᠭᠰᠠᠨ ᠡᠴᠡ ᠨᠠᠭᠠᠰᠢ᠂ ᠵᠠᠩ ᠳ᠋ᠠ ᠯᠢ ᠴᠠᠭ ᠢᠮᠠᠭᠳ᠋ᠠ ᠡᠭᠦᠷᠭᠡ ᠬᠠᠷᠢᠭᠤᠴᠠᠯᠭ᠎ᠠ ᠪᠠᠨ ᠪᠠᠳ᠋ᠤ ᠴᠡᠭᠡᠵᠢᠯᠡᠨ᠂ ᠬᠡᠵᠢᠶᠡᠳ᠋ᠡ ᠲᠡᠬᠡᠳ᠋ᠦ ᠬᠡᠮᠵᠢᠶᠡᠨ ᠤ ᠬᠠᠷᠢᠭᠤᠴᠠᠯᠭᠠᠳ᠋ᠤ ᠰᠡᠳᠭᠢᠯᠭᠡ ᠪᠠ ᠤᠷᠭᠢᠯᠤᠮ᠎ᠠ ᠬᠠᠯᠠᠭᠤᠨ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠵᠦ᠋ᠩ ᠰᠢᠩ ᠲᠤᠰᠬᠤᠨ ᠤ ᠠᠷᠠᠳ ᠲᠦ᠋ᠮᠡᠨ ᠢ  ᠪᠠᠶᠠᠵᠢᠨ ᠴᠢᠨᠡᠭᠡᠯᠢᠭ᠍ᠵᠢᠭᠦᠯᠬᠦ ᠵᠠᠮ ᠳᠤ ᠪᠦᠯᠬᠦᠮᠳ᠋ᠡᠨ ᠲᠠᠭᠠᠭᠤᠯᠵᠤ᠂ ᠠᠷᠠᠳ ᠤᠨ ᠲᠦ᠋ᠯᠦᠭᠡᠯᠡᠭ᠍ᠴᠢ ᠶᠢᠨ ᠵᠢᠱᠢᠶᠡᠴᠢ ᠬᠦᠳ᠋ᠦᠯᠦᠨ ᠲᠠᠭᠠᠭᠤᠯᠬᠤ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠪᠠ᠃        

        ᠵᠠᠩ ᠳ᠋ᠠ ᠯᠢ ᠠᠢ᠌ᠯ ᠲᠤᠰᠬᠤᠨ ᠤ ᠪᠠᠨ ᠠᠷᠠᠳ ᠲᠦ᠋ᠮᠡᠨ ᠶᠢᠡᠨ ᠲᠠᠭᠠᠭᠤᠯᠤᠨ 1500 ᠮᠤ ᠲᠠᠯᠠᠪᠠᠢ ᠡᠯ᠎ᠠ ᠵᠦ᠋ᠢᠯ ᠤᠨ ᠡᠮ ᠢ ᠲᠠᠷᠢᠵᠤ᠂ ᠠᠮᠢ ᠠᠬᠤᠢ ᠶᠢᠨ ᠠᠵᠤ ᠦᠢᠯᠡᠰ ᠢ ᠢᠳ᠋ᠡᠪᠬᠢᠳ᠋ᠠᠢ ᠬᠦᠭ᠍ᠵᠢᠭᠦᠯᠦᠨ᠂ ᠤᠳ᠋ᠤ ᠳ᠋ᠥ 4000 ᠢᠯᠡᠭᠦᠦ ᠮᠤ ᠭᠦᠢᠯᠡᠰᠦ ᠶᠢ ᠦᠭᠡᠷᠡᠴᠢᠯᠡᠨ ᠲᠠᠷᠢᠵᠤ᠂ ᠮᠤ ᠪᠦᠷᠢ ᠵᠢᠯ ᠪᠤᠯᠭᠠᠨ 6000 ᠭᠠᠷᠤᠢ ᠲᠦ᠋ᠭᠦᠷᠢᠭ᠌ ᠤᠨ ᠤᠷᠤᠯᠭ᠎ᠠ ᠨᠡᠮᠡᠭᠳᠡᠪᠡ᠃ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ ᠬᠦᠭ᠍ᠵᠢᠭᠦᠯᠦᠨ᠂ ᠤᠳ᠋ᠤ ᠳᠤ100 ᠲᠤᠯᠤᠭᠠᠢ ᠡᠴᠡ ᠲᠡᠭᠡᠭ᠍ᠰᠢ ᠦᠬᠡᠷ ᠬᠠᠰᠢᠶᠠᠯᠠᠵᠤ ᠲᠡᠵᠢᠭᠡᠬᠦ ᠲᠠᠯᠠᠪᠤᠷ 3 ᠪᠠᠢ᠌ᠵᠤ᠂ ᠪᠦᠬᠦ ᠲᠤᠰᠬᠤᠨ  ᠳᠤ ᠲᠡᠵᠢᠭᠡᠨ ᠦᠷᠡᠵᠢᠭᠦᠯᠬᠦ ᠡᠷᠦᠭᠡ 70 ᠢᠯᠡᠭᠦᠦ ᠪᠠᠢ᠌ᠵᠤ᠂ ᠪᠦᠬᠦ ᠲᠤᠰᠬᠤᠨ ᠤ ᠠᠵᠤ ᠠᠬᠤᠢ ᠶᠢᠨ ᠬᠦᠭ᠍ᠵᠢᠯᠳ᠋ᠡ ᠶᠢᠨ ᠲᠦ᠋ᠪᠰᠢᠨ ᠢ ᠯᠠᠪᠳ᠋ᠠᠭᠤᠨ ᠪᠠᠳ᠋ᠤᠳ᠋ᠠᠢ ᠲᠡᠭᠡᠭ᠍ᠰᠢᠯᠡᠭᠦᠯᠪᠡ᠃ 

        2020 ᠤᠨ ᠤ 3 ᠰᠠᠷ᠎ᠠ ᠳᠤ᠂ ᠵᠠᠩ ᠳ᠋ᠠ ᠯᠢ ᠲᠤᠰᠬᠤᠨ ᠤ ᠨᠠᠮ ᠤᠨ ᠡᠭᠦᠷ ᠶᠢᠡᠨ ᠲᠠᠭᠠᠭᠤᠯᠤᠨ ᠵᠦ᠋ᠩ ᠰᠢᠩ ᠲᠤᠰᠬᠤᠨ ᠤ ᠬᠤᠪᠢ ᠣᠷᠤᠭᠤᠯᠤᠭᠰᠠᠨ ᠠᠵᠤ ᠠᠬᠤᠢ ᠶᠢᠨ ᠬᠤᠷᠰᠢᠶᠠᠵᠢᠯᠠᠯᠳ᠋ᠠ ᠶᠢ ᠪᠠᠢ᠌ᠭᠤᠯᠤᠨ᠂ ᠦᠳ᠋ᠡᠯᠪᠡᠯ ᠬᠦᠷᠳ᠋ᠡᠬᠦ ᠠᠰᠠᠷᠠᠮᠵᠢ ᠲᠡᠶ ᠪᠤᠯᠭᠠᠪᠠ᠃ ᠵᠠᠩ ᠳ᠋ᠠ ᠯᠢ ᠲᠤᠰᠬᠤᠨ ᠤ ᠨᠠᠮ ᠤᠨ ᠡᠭᠦᠷ ᠶᠢᠡᠨ ᠲᠠᠭᠠᠭᠤᠯᠤᠨ ᠨᠠᠮ ᠤᠨ ᠭᠡᠰᠢᠭᠦᠨ ᠮᠠᠯᠴᠢᠨ ᠲᠠᠷᠢᠶᠠᠴᠢᠨ ᠡᠷᠦᠭᠡ ᠲᠡᠶ ᠬᠠᠷᠢᠯᠴᠠᠬᠤ᠂ ᠨᠠᠮ ᠤᠨ ᠭᠡᠰᠢᠭᠦᠨ ᠤ ᠡᠷᠦᠭᠡ ᠶᠢᠨ ᠫᠠᠢ᠌ᠰᠠ ᠡᠯᠭᠦᠬᠦ᠂ ᠭᠡᠷ ᠶᠢᠡᠨ ᠰᠠᠬᠢᠵᠤ ᠬᠤᠴᠤᠷᠠᠭᠰᠠᠨ ᠬᠡᠦᠬᠡᠳ ᠢ ᠬᠠᠷᠭᠠᠯᠵᠠᠬᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠤᠨᠤᠯ ᠢ ᠤᠬᠠᠭᠤᠯᠬᠤ ᠵᠢᠴᠢ ᠭᠠᠯ ᠢ ᠰᠡᠷᠭᠡᠢ᠌ᠯᠡᠬᠦ᠂ ᠠᠷᠢᠭᠤᠨ ᠴᠡᠪᠡᠷ ᠢ ᠡᠷᠬᠢᠮᠯᠡᠬᠦ ᠵᠡᠷᠭᠡ ᠨᠠᠮ ᠤᠨ ᠭᠡᠰᠢᠭᠦᠨ ᠤ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃

       《ᠠᠷᠠᠳ ᠲᠦ᠋ᠮᠡᠨ ᠨᠠᠳ᠋ᠠ ᠶᠢ ᠲᠦ᠋ᠯᠦᠭᠡᠯᠡᠭ᠍ᠴᠢ ᠪᠠᠷ ᠰᠤᠩᠭ᠋ᠤᠪᠠᠯ᠂ ᠪᠢ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ ᠠᠷᠠᠳ ᠲᠦ᠋ᠮᠡᠨ ᠤ ᠲᠦ᠋ᠯᠦᠭᠡ ᠦᠢᠯᠡᠴᠢᠯᠡᠨ᠎ᠠ》᠂ ᠡᠨᠡ ᠪᠤᠯ ᠠᠮᠠᠯᠠᠯᠳ᠋ᠠ ᠮᠦ᠋ᠷᠳ᠋ᠡᠭᠡᠨ ᠬᠠᠷᠢᠭᠤᠴᠠᠯᠭ᠎ᠠ ᠮᠦ᠋ᠨ᠂ ᠵᠠᠩ ᠳ᠋ᠠ ᠯᠢ ᠲᠤᠬᠠᠢ᠌ᠯᠠᠭᠰᠠᠨ ᠠᠵᠢᠯ ᠤᠨ ᠪᠠᠢ᠌ᠷᠢ ᠳᠤ ᠪᠠᠨ ᠰᠠᠭᠤᠷᠢᠯᠡᠨ᠂ ᠬᠤᠰᠢᠭᠤᠴᠢ ᠵᠢᠱᠢᠶᠡᠴᠢ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠵᠤ᠂ ᠲᠡᠷᠡ ᠦᠪᠡᠷ ᠤᠨ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠠᠷᠠᠳ ᠲᠦ᠋ᠮᠡᠨ ᠶᠢᠡᠨ ᠰᠠᠬᠢᠨ ᠬᠠᠮᠠᠭᠠᠯᠠᠵᠤ᠂ ᠲᠤᠰᠬᠤᠨ ᠪᠠᠨ ᠬᠦᠭ᠍ᠵᠢᠭᠦᠯᠦᠨ᠂ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ ᠠᠷᠠᠳ ᠲᠦ᠋ᠮᠡᠨ ᠤ ᠲᠦ᠋ᠯᠦᠭᠡ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠡᠴᠡ ᠪᠠᠨ ᠦᠢᠯᠡᠳ᠋ᠦᠭᠡᠵᠢᠭᠦᠯᠵᠦ ᠪᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠩᠬᠠᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠪᠡᠷᠳ᠋ᠡᠭᠡᠨ ᠭᠡᠷ ᠪᠠᠷᠢᠭᠰᠠᠨ ᠪᠠᠢ᠌ᠳ᠋ᠠᠯ ᠢ ᠤᠢ᠌ᠯᠠᠭᠠᠨ ᠵᠢᠭᠰᠠᠭᠠᠬᠤ ᠠᠵᠢᠯ ᠳᠤ ᠬᠦᠴᠦᠨ ᠨᠡᠮᠡᠷᠢᠯᠡᠵᠦ ᠪᠠᠢ᠌ᠭ᠎ᠠ
ᠳᠠᠷᠠᠭᠠᠬᠢ᠄ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠨᠤᠮᠢᠨᠳ᠋ᠠᠯᠠᠢ ᠲᠦ᠋ᠯᠦᠭᠡᠯᠡᠭ᠍ᠴᠢ ᠶᠢᠨ ᠬᠦᠳ᠋ᠦᠯᠦᠨ ᠲᠠᠭᠠᠭᠤᠯᠬᠤ ᠦᠢᠯᠡᠳ᠋ᠦᠯ ᠢ ᠪᠠᠳ᠋ᠠᠷᠠᠭᠤᠯᠵᠤ ᠬᠦᠳ᠋ᠡᠭᠡ ᠲᠤᠰᠬᠤᠨ ᠤ ᠪᠠᠶᠠᠵᠢᠨ ᠴᠢᠨᠡᠭᠡᠯᠢᠭ᠍ᠵᠢᠬᠦ ᠵᠠᠮ ᠢ ᠦᠷᠭᠡᠳᠭᠡᠵᠦ ᠪᠠᠢ᠌ᠭ᠎ᠠ