ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠣᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢᠳ ᠢ ᠵᠤᠬᠢᠶᠠᠨ ᠪᠠᠢ᠌ᠭᠤᠯᠵᠤ ᠠᠵᠢᠯ ᠤᠨ ᠲᠤᠬᠢᠷᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ

7 ᠰᠠᠷ᠎ᠠ ᠶᠢᠨ 19 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠣᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢᠳ ᠢ ᠵᠤᠬᠢᠶᠠᠨ ᠪᠠᠢ᠌ᠭᠤᠯᠵᠤ ᠠᠵᠢᠯ ᠤᠨ ᠲᠤᠬᠢᠷᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠬᠤᠷᠠᠯ ᠳᠤ ᠰᠠᠭᠠᠳ᠋ᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠨᠦ᠋ᠬᠦᠳ ᠵᠢᠴᠢ ᠡᠯ᠎ᠠ ᠰᠤᠮᠤ ᠪᠠᠯᠭᠠᠰᠤ (ᠵᠡᠭᠡᠯᠢ ᠭᠤᠳ᠋ᠤᠮᠵᠢ) ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢ ᠬᠤᠷᠠᠯ ᠳᠤ ᠤᠷᠤᠯᠴᠠᠪᠠ᠃ ᠬᠤᠷᠠᠯ ᠢ ᠪᠤᠤ ᠯᠦ᠋ᠩ ᠡᠷᠬᠢᠯᠡᠪᠡ᠃
ᠬᠤᠷᠠᠯ ᠤᠨ ᠭᠤᠤᠯ ᠵᠤᠷᠢᠯᠭ᠎ᠠ ᠪᠤᠯ ᠲᠦ᠋ᠪ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳ᠋ᠠ ᠶᠢᠨ ᠨᠠᠮ ᠤᠨ ᠬᠤᠷᠢᠶᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠤᠯᠤᠨ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠠᠷᠢᠯᠴᠠᠭ᠎ᠠ ᠪᠠ ᠵᠢᠯᠤᠭᠤᠳ᠋ᠤᠯᠭ᠎ᠠ ᠶᠢ ᠤᠯᠠᠮ ᠨᠢᠭᠡ ᠠᠯᠬᠤᠮ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠲᠡᠷᠢᠭᠦᠨ ᠤ ᠲᠤᠷᠰᠢᠯᠭ᠎ᠠ ᠶᠢ ᠰᠤᠷᠤᠯᠴᠡᠨ ᠰᠤᠯᠢᠯᠴᠠᠭ᠎ᠠ ᠦᠷᠨᠢᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠪᠦᠬᠦᠯᠢ ᠴᠤᠭᠴᠠ ᠶᠢᠨ ᠬᠠᠮᠳ᠋ᠤᠷᠠᠯᠴᠡᠯ ᠤᠨ ᠬᠦᠴᠦᠨ ᠢ ᠪᠦᠷᠢᠯᠳ᠋ᠦᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠪᠦᠬᠦᠯᠢ ᠴᠤᠭᠴᠠ ᠶᠢᠨ ᠦᠷ᠎ᠠ ᠪᠦᠳ᠋ᠦᠮᠵᠢ ᠶᠢ ᠨᠡᠮᠡᠭ᠍ᠳ᠋ᠡᠭᠦᠯᠦᠨᠠ᠃
ᠡᠦ ᠴᠢᠩ ᠬᠠᠢ ᠡᠴᠡ᠂ ᠲᠦ᠋ᠪ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳ᠋ᠠ ᠶᠢᠨ ᠨᠠᠮ ᠤᠨ ᠬᠤᠷᠢᠶᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢᠯᠠᠭᠤᠯᠬᠤ ᠶᠢ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠤᠯᠤᠨ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠤᠨᠴᠠᠯᠢᠭ ᠲᠡᠶ ᠤᠶᠠᠯᠳ᠋ᠤᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠺᠠᠳ᠋ᠷᠴᠤᠳ ᠪᠠ ᠠᠷᠠᠳ ᠤᠨ ᠲᠦ᠋ᠯᠦᠭᠡᠯᠡᠭ᠍ᠴᠢᠳ ᠤᠨ ᠰᠤᠷᠭᠠᠨ ᠬᠦᠮᠦᠵᠢᠯ ᠤᠨ ᠬᠠᠮᠢᠶᠠᠷᠤᠯᠳ᠋ᠠ ᠶᠢ ᠴᠢᠩᠭ᠋ᠠᠳᠬᠠᠵᠤ᠂ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢ ᠲᠡᠶ ᠬᠠᠷᠢᠯᠴᠠᠬᠤ᠂ ᠠᠷᠠᠳ ᠤᠨ ᠲᠦ᠋ᠯᠦᠭᠡᠯᠡᠭ᠍ᠴᠢ ᠰᠤᠩᠭ᠋ᠤᠭᠤᠯᠢ ᠶᠢᠨ ᠠᠷᠠᠳ ᠲᠡᠶ ᠬᠠᠷᠢᠯᠴᠠᠬᠤ ᠠᠵᠢᠯ ᠢ ᠰᠠᠢ᠌ᠳ᠋ᠤᠷ ᠬᠢᠵᠦ᠂ ᠤᠯᠠᠨ ᠲᠦ᠋ᠮᠡᠨ ᠤ ᠪᠠᠴᠢᠮ ᠲᠦ᠋ᠪᠡᠭ᠌ ᠬᠦᠰᠡᠯ ᠡᠷᠡᠮᠡᠯᠵᠡᠯ ᠤᠨ ᠠᠰᠠᠭᠤᠳ᠋ᠠᠯ ᠢ ᠬᠠᠪᠰᠤᠷᠤᠨ ᠰᠢ᠌ᠳᠪᠦᠷᠢᠯᠡᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

ᠡᠦ ᠴᠢᠩ ᠬᠠᠢ ᠪᠠᠰᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠪᠤᠳ᠋ᠠᠳ᠋ᠠᠢ ᠠᠰᠠᠭᠤᠳ᠋ᠠᠯ ᠪᠠ ᠬᠦᠴᠢᠷᠳ᠋ᠡᠯ ᠢ ᠴᠢᠬᠤᠯᠠᠴᠢᠯᠡᠨ ᠰᠢ᠌ᠳᠪᠦᠷᠢᠯᠡᠬᠦ ᠶᠢᠨ ᠲᠤᠭᠤᠷᠢᠨ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ ᠡᠯ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢ ᠵᠢᠯ ᠤᠨ ᠡᠬᠢᠨ ᠡᠴᠡ ᠨᠠᠭᠠᠰᠢᠬᠢ ᠠᠵᠢᠯ ᠶᠢᠡᠨ ᠦᠷᠨᠢᠭᠦᠯᠦᠭ᠍ᠰᠡᠨ ᠪᠠᠢ᠌ᠳ᠋ᠠᠯ ᠢ ᠬᠠᠷᠢᠭᠤ ᠮᠡᠳ᠋ᠡᠭᠦᠯᠪᠡ; ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠢᠴᠢ ᠡᠯ᠎ᠠ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠨᠦ᠋ᠭᠦᠳ ᠬᠤᠪᠢᠶᠠᠷᠯᠠᠨ ᠬᠠᠮᠢᠶᠠᠷᠬᠤ ᠬᠦᠷᠢᠶ᠎ᠠ ᠬᠡᠪᠴᠢᠶ᠎ᠠ ᠪᠠ ᠲᠤᠬᠠᠢ᠌ᠯᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠲᠡᠶ ᠪᠠᠨ ᠤᠶᠠᠯᠳ᠋ᠤᠭᠤᠯᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ᠃ (ᠨᠠᠢ᠌ᠷᠠᠭᠤᠯᠤᠭᠴᠢ᠄ ᠯᠸᠢ ᠫᠠᠩ)