ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠪᠠᠢ᠌ᠴᠠᠭᠠᠨ ᠰᠤᠳ᠋ᠤᠯᠵᠤ ᠬᠢᠨᠠᠨ ᠵᠢᠯᠤᠭᠤᠳᠪᠠ

        7 ᠰᠠᠷ᠎ᠠ ᠶᠢᠨ 25 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠸᠠᠺᠼᠢᠨ ᠤ ᠲᠠᠷᠢᠯᠭ᠎ᠠ ᠶᠢᠨ ᠠᠵᠢᠯ ᠢ ᠪᠠᠢ᠌ᠴᠠᠭᠠᠨ ᠰᠤᠳ᠋ᠤᠯᠵᠤ ᠬᠢᠨᠠᠨ ᠵᠢᠯᠤᠭᠤᠳᠪᠠ᠃

         
             ᠪᠠᠶᠠᠷᠳ᠋ᠤᠬᠤᠰᠢᠭᠤ ᠭᠠᠴᠠᠭ᠎ᠠ ᠪᠠ ᠪᠠᠯᠭᠠᠰᠤᠨ ᠤ ᠵᠠᠰᠠᠭ ᠤᠨ ᠤᠷᠳ᠋ᠤᠨ ᠳᠤ᠂ ᠡᠦ ᠴᠢᠩ ᠬᠠᠢ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠡᠬᠡ ᠲᠠᠩᠰᠠ ᠶᠢ ᠪᠠᠢ᠌ᠴᠠᠭᠠᠬᠤ ᠪᠠᠷ ᠲᠠᠮᠵᠢᠨ᠂ ᠪᠦᠬᠦ ᠪᠠᠯᠭᠠᠰᠤᠨ ᠤ ᠸᠠᠺᠼᠢᠨ ᠤ ᠲᠠᠷᠢᠯᠭ᠎ᠠ ᠲᠠᠷᠢᠭᠰᠠᠨ᠂ ᠴᠡᠭᠡᠷᠯᠡᠬᠦ ᠡᠪᠡᠳᠴᠢᠨ ᠤ ᠪᠠᠢ᠌ᠴᠠᠭᠠᠯᠳ᠋ᠠ᠂ ᠤᠬᠠᠭᠤᠯᠤᠨ ᠲᠠᠢ᠌ᠴᠢᠯᠠᠬᠤ ᠵᠡᠷᠭᠡ ᠲᠠᠯ᠎ᠠ ᠪᠠᠷ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃ ᠡᠦ ᠴᠢᠩ ᠬᠠᠢ ᠡᠴᠡ᠂ ᠤᠳ᠋ᠤᠬᠠᠨ ᠳᠤ ᠪᠦᠬᠦ ᠲᠡᠯᠡᠬᠡᠢ ᠶᠢᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠮᠦ᠋ᠨ ᠬᠦ ᠦᠷᠭᠦᠯᠵᠢᠯᠡᠨ ᠬᠦᠭ᠍ᠵᠢᠵᠦ᠂ ᠰᠢᠨ᠎ᠠ ᠲᠢᠳ᠋ᠢᠮᠯᠢᠭ᠌ ᠸᠢᠷᠦ᠋ᠰ ᠤᠨ ᠤᠨᠳ᠋ᠤᠤᠰᠢᠵᠤ ᠬᠠᠯᠳ᠋ᠠᠪᠤᠷᠢᠯᠠᠬᠤ ᠶᠢ ᠲᠦ᠋ᠷᠭᠡᠳᠭᠡᠨ᠂ ᠸᠠᠺᠼᠢᠨ ᠢ ᠲᠠᠷᠢᠬᠤ ᠪᠤᠯ ᠮᠦ᠋ᠨᠴᠦ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠢ ᠤᠷᠢᠳᠴᠢᠯᠡᠨ ᠰᠡᠷᠭᠡᠢ᠌ᠯᠡᠬᠦ ᠬᠠᠮᠤᠭ ᠦᠷ᠎ᠠ ᠪᠦᠳ᠋ᠦᠮᠵᠢᠳ᠋ᠠᠢ᠂ ᠬᠠᠮᠤᠭ ᠠᠮᠤᠷ ᠲᠦ᠋ᠪᠰᠢᠨ᠂ ᠬᠠᠮᠤᠭ ᠠᠷᠪᠢᠳ᠋ᠠᠢ ᠠᠷᠭ᠎ᠠ ᠠᠪᠴᠡᠯ ᠪᠠᠢ᠌ᠵᠤ᠂ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠴᠢᠩᠭ᠋ᠠᠳᠬᠠᠬᠤ ᠨᠢ ᠠᠮᠠᠷᠬᠠᠨ ᠬᠠᠯᠳ᠋ᠠᠪᠤᠷᠢᠯᠠᠬᠤ ᠬᠦᠮᠦᠰ ᠢ ᠬᠠᠮᠠᠭᠠᠯᠠᠨ᠂ ᠬᠢᠵᠢᠭ᠌ ᠲᠠᠷᠬᠠᠨ ᠲᠡᠯᠭᠡᠷᠡᠬᠦ ᠶᠢ ᠪᠦᠳ᠋ᠦᠮᠵᠢᠳ᠋ᠠᠢ ᠬᠤᠷᠢᠭᠯᠠᠬᠤ ᠳᠤ ᠴᠢᠬᠤᠯᠠ ᠠᠴᠢ ᠬᠤᠯᠪᠤᠭᠳ᠋ᠠᠯ ᠲᠡᠶ ᠭᠡᠪᠡ᠃

       

       ᠡᠦ ᠴᠢᠩ ᠬᠠᠢ ᠪᠠᠰᠠ ᠦᠶᠡᠷ ᠢ ᠰᠡᠷᠭᠡᠢ᠌ᠯᠡᠬᠦ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠲᠦ᠋ᠩᠯᠢᠶᠤᠤ ᠬᠤᠳ᠋ᠠ ᠶᠢᠨ ᠲᠦ᠋ᠢᠯᠰᠢᠷᠠᠭᠰᠠᠨ ᠴᠠᠭ ᠠᠭᠤᠷ ᠢ ᠠᠷᠭᠠᠴᠠᠬᠤ ᠲᠦ᠋ᠷᠢᠮ (ᠲᠦ᠋ᠰᠦᠯ)》 ᠤᠨ ᠰᠠᠨᠠᠯ ᠬᠤᠷᠢᠶᠠᠬᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠬᠢᠨᠠᠨ ᠵᠢᠯᠤᠭᠤᠳᠪᠠ