ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠬᠢᠨᠠᠨ ᠵᠢᠯᠤᠭᠤᠳᠪᠠ

7 ᠰᠠᠷ᠎ᠠ ᠶᠢᠨ 27 ᠤ ᠤᠷᠤᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠬᠢᠨᠠᠨ ᠵᠢᠯᠤᠭᠤᠳᠪᠠ᠃ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠬᠠᠷᠢᠭᠤᠴᠠᠯᠭᠠᠳ᠋ᠠᠨ ᠨᠦ᠋ᠬᠦᠳ ᠤᠨ 60 ᠨᠠᠰᠤᠨ ᠡᠴᠡ ᠲᠡᠭᠡᠰᠢᠬᠢ ᠬᠦᠮᠦᠰ ᠤᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠪᠠᠢ᠌ᠳ᠋ᠠᠯ ᠤᠨ ᠲᠤᠬᠠᠢ ᠬᠠᠷᠢᠭᠤ ᠮᠡᠳ᠋ᠡᠭᠦᠯᠦᠯᠳ᠋ᠡ ᠶᠢ ᠨᠠᠷᠢᠨ ᠬᠢᠨᠠᠮᠠᠭᠠᠢ ᠰᠤᠨᠤᠰᠴᠦ᠂ ᠠᠵᠢᠯ ᠤᠨ ᠠᠬᠢᠴᠠ ᠪᠠ ᠤᠷᠤᠰᠢᠵᠤ ᠪᠠᠢ᠌ᠬᠤ ᠠᠰᠠᠭᠤᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠲᠤᠬᠠᠢ ᠶᠢᠨ ᠲᠠᠯᠠᠪᠤᠷ ᠲᠤᠨᠢ ᠵᠢᠯᠤᠭᠤᠳᠪᠠ᠃
ᠡᠦ ᠴᠢᠩ ᠬᠠᠢ ᠡᠴᠡ᠂ ᠪᠠᠶᠠᠷᠳ᠋ᠤᠬᠤᠰᠢᠭᠤ ᠪᠠᠯᠭᠠᠰᠤ ᠤᠯᠤᠰ ᠲᠦ᠋ᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠰᠢᠨ᠎ᠠ ᠳᠢᠳ᠋ᠢᠮᠯᠢᠭ᠌ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠴᠢᠬᠤᠯᠠ ᠴᠢᠨᠠᠷ ᠶᠢ ᠭᠦᠢᠴᠡᠳ ᠲᠠᠨᠢᠵᠤ᠂ ᠬᠠᠷᠢᠭᠤᠴᠠᠯᠭ᠎ᠠ ᠶᠢ ᠱᠠᠳ᠋ᠤ ᠱᠠᠳ᠋ᠤ ᠪᠠᠷ ᠪᠤᠳ᠋ᠠᠳ᠋ᠠᠢ᠌ᠵᠢᠭᠤᠯᠤᠨ᠂ ᠠᠵᠢᠯ ᠶᠢᠡᠨ ᠲᠡᠷᠡ ᠶᠤᠰᠤᠭᠠᠷ ᠨᠢ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠵᠤ᠂ ᠢᠳ᠋ᠡᠭᠡᠯ ᠵᠤᠷᠢᠭ ᠶᠢᠡᠨ ᠪᠠᠳ᠋ᠤᠳᠬᠠᠨ᠂ ᠪᠡᠷᠭᠡᠰᠢᠶᠡᠬᠦ ᠰᠡᠳᠭᠢᠯᠭᠡ ᠶᠢ ᠢᠯᠠᠨ ᠲᠠᠪᠠᠵᠤ᠂ ᠲᠠᠢ᠌ᠪᠤᠰᠢᠷᠠᠬᠤ ᠪᠤᠳ᠋ᠤᠯ ᠢ ᠲᠡᠪᠴᠢᠨ᠂ ᠬᠦᠴᠦᠨ ᠶᠢᠡᠨ ᠨᠢᠭᠡᠳ᠋ᠦᠯᠳ᠋ᠠᠢ ᠲᠦ᠋ᠯᠦᠪᠵᠢᠭᠦᠯᠵᠦ᠂ ᠬᠠᠷᠢᠯᠴᠡᠨ ᠬᠠᠮᠵᠢᠯᠴᠡᠵᠦ᠂ ᠤᠯᠠᠨ ᠤ ᠤᠶᠤᠨ ᠤᠬᠠᠭᠠᠨ ᠢ ᠲᠦ᠋ᠪᠯᠡᠷᠡᠭᠦᠯᠦᠨ᠂ 60 ᠨᠠᠰᠤᠨ ᠡᠴᠡ ᠲᠡᠭᠡᠭ᠍ᠰᠢᠬᠢ ᠬᠦᠮᠦᠰ ᠤᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠦ ᠠᠵᠢᠯ ᠢ ᠪᠦᠬᠦ ᠬᠦᠴᠦᠨ ᠶᠢᠡᠷ ᠶᠢᠡᠨ ᠲᠦ᠋ᠯᠬᠢᠨ ᠠᠬᠢᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)