ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠭᠠᠬᠠᠢ᠌ᠳ᠋ᠤ ᠪᠠᠯᠭᠠᠰᠤ ᠠᠷᠠᠳ ᠤᠨ ᠲᠦ᠋ᠯᠦᠭᠡᠯᠡᠭ᠍ᠴᠢᠳ ᠢ᠁
ᠭᠠᠬᠠᠢ᠌ᠳ᠋ᠤ ᠪᠠᠯᠭᠠᠰᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠪᠠ

    ᠤᠢ᠌ᠷ᠎ᠠ ᠳᠤ᠂ ᠭᠠᠬᠠᠢ᠌ᠳ᠋ᠤ ᠪᠠᠯᠭᠠᠰᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠬᠤ ᠵᠢᠴᠢ ᠲᠤᠰᠢᠶᠠᠯ ᠶᠢᠡᠨ ᠭᠦᠢᠴᠡᠳᠭᠡᠬᠦ ᠪᠤᠯᠪᠠᠰᠤᠷᠠᠯ ᠤᠨ ᠬᠤᠷᠠᠯ ᠬᠤᠷᠠᠯᠳ᠋ᠤᠭᠤᠯᠵᠤ᠂ ᠬᠠᠷᠢᠶᠠᠳ᠋ᠤ ᠤᠷᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ 30 ᠭᠠᠷᠤᠢ ᠬᠦᠮᠦᠨ ᠤᠷᠤᠯᠴᠠᠪᠠ᠃ 

       
             ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠡᠳ《ᠶᠡᠷᠦᠩᠬᠡᠢ ᠱᠦ᠋ᠵᠢ ᠰᠢ ᠵᠢᠨ ᠫᠢᠩ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠤᠯ ᠢ ᠪᠠᠷᠢᠮᠳ᠋ᠠᠯᠡᠨ ᠲᠡᠭᠦᠯᠳ᠋ᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠪᠦᠬᠦ ᠶᠡᠪᠤᠴᠠ ᠳ᠋ᠡᠬᠢ ᠠᠷᠠᠳ ᠤᠨ ᠠᠷᠠᠳᠴᠢᠯᠡᠯ ᠢ ᠲᠠᠰᠤᠷᠠᠯᠳ᠋ᠡ ᠦᠭᠡᠶ ᠬᠦᠭ᠍ᠵᠢᠭᠦᠯᠦᠨ᠂ ᠠᠷᠠᠳ ᠲᠦ᠋ᠮᠡᠨ ᠤ ᠡᠷᠬᠡ ᠮᠡᠳ᠋ᠡᠵᠦ ᠡᠵᠡᠨ ᠰᠠᠭᠤᠬᠤ ᠶᠢ ᠪᠠᠷᠢᠮᠳ᠋ᠡᠯᠡᠨ ᠪᠠᠳ᠋ᠤᠯᠠᠬᠤ》《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠷᠢᠮ ᠪᠤᠯ ᠮᠠᠨ ᠤᠨ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠡᠯ ᠢ ᠪᠡᠶᠡᠯᠡᠭᠦᠯᠬᠦ ᠴᠢᠬᠤᠯᠠ ᠲᠦ᠋ᠷᠢᠮ ᠤᠨ ᠠᠴᠢᠶᠠᠯᠠᠪᠤᠷᠢ ᠮᠦ᠋ᠨ》《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠢᠨᠠᠯᠳ᠋ᠠ ᠬᠢᠭᠡᠳ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠢᠯᠡᠳ᠋ᠦᠯᠭᠡ》《ᠤᠷᠤᠨ ᠨᠤᠳ᠋ᠤᠭ ᠤᠨ ᠵᠤᠬᠢᠶᠠᠨ ᠪᠠᠢ᠌ᠭᠤᠯᠤᠯᠳ᠋ᠠ ᠶᠢᠨ ᠬᠠᠦᠯᠢ ᠪᠠ ᠤᠷᠤᠨ ᠨᠤᠳ᠋ᠤᠭ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ》 ᠵᠡᠷᠭᠡ ᠬᠤᠷᠠᠯ ᠤᠨ ᠵᠤᠷᠢᠭ ᠰᠠᠨᠠᠭ᠎ᠠ ᠵᠢᠴᠢ ᠬᠠᠦᠯᠢ ᠴᠠᠭᠠᠵᠠ ᠬᠠᠦᠯᠢ ᠲᠤᠭᠳ᠋ᠠᠭᠠᠯ ᠢ ᠲᠦ᠋ᠪᠯᠡᠷᠡᠭᠦᠯᠦᠨ ᠰᠤᠷᠤᠯᠴᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠢᠷᠦᠬᠡ ᠪᠠᠯᠭᠠᠰᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠭᠤᠷᠢᠨ ᠪᠠᠢ᠌ᠴᠠᠭᠠᠵᠤ ᠰᠤᠳ᠋ᠤᠯᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠦᠯᠵᠡᠢ᠌ᠮᠦ᠋ᠷᠡᠨ ᠰᠤᠮᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠭᠤᠷᠢᠨ ᠪᠠᠢ᠌ᠴᠠᠭᠠᠵᠤ ᠰᠤᠳ᠋ᠤᠯᠬᠤ ᠠᠵᠢᠯᠯᠠᠭ᠎ᠠ ᠦᠷᠨᠢᠭᠦᠯᠪᠡ