ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ

7 ᠰᠠᠷ᠎ᠠ ᠶᠢᠨ 29 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠬᠤ ᠪᠠᠷᠢᠮᠵᠢᠶ᠎ᠠ》《ᠰᠢᠨ᠎ᠠ ᠴᠠᠭ ᠦᠶ᠎ᠠ ᠶᠢᠨ ᠠᠷᠢᠭᠤᠨ ᠴᠢᠭᠡᠴᠢ ᠰᠤᠶᠤᠯ ᠤᠨ ᠪᠦᠳ᠋ᠦᠭᠡᠨ ᠪᠠᠢ᠌ᠭᠤᠯᠤᠯᠳ᠋ᠠ ᠶᠢ ᠴᠢᠩᠭ᠋ᠠᠳᠬᠠᠬᠤ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶᠠᠨ ᠤ ᠰᠠᠨᠠᠯ》《ᠶᠡᠷᠦᠩᠬᠡᠢ ᠱᠦ᠋ᠵᠢ ᠰᠢ ᠵᠢᠨ ᠫᠢᠩ ᠠᠷᠢᠭᠤᠨ ᠴᠢᠭᠡᠴᠢ ᠰᠤᠶᠤᠯ ᠤᠨ ᠲᠤᠬᠠᠢ ᠦᠭᠦᠯᠡᠭ᠍ᠰᠡᠨ ᠨᠢ》ᠵᠡᠷᠭᠡ ᠶᠢ ᠲᠦ᠋ᠪᠯᠡᠷᠡᠭᠦᠯᠦᠨ ᠰᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃
ᠯᠢ ᠴᠸᠩ ᠭᠦᠸᠸ ᠬᠤᠷᠠᠯ ᠲᠡᠭᠡᠷ᠎ᠠ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ《〈ᠠᠷᠢᠬᠢᠨ ᠰᠢᠷᠡᠭᠡ ᠶᠢᠨ ᠰᠤᠷᠳ᠋ᠠᠯ〉〈ᠬᠤᠭᠤᠯᠠᠨ ᠰᠢᠷᠡᠭᠡ ᠶᠢᠨ ᠰᠤᠷᠳ᠋ᠠᠯ〉ᠵᠡᠷᠭᠡ ᠮᠠᠭᠤ ᠰᠤᠷᠳ᠋ᠠᠯ ᠤᠨ ᠨᠡᠢ᠌ᠳ᠋ᠡᠯᠢᠭ᠌ ᠬᠡᠷᠡᠭ᠌ ᠤᠨ ᠵᠢᠱᠢᠶ᠎ᠠ ᠶᠢᠨ ᠲᠤᠬᠠᠢ ᠵᠠᠷᠯᠠᠯ》 ᠢ ᠵᠠᠷᠯᠠᠨ ᠮᠡᠳ᠋ᠡᠭ᠍ᠳ᠋ᠡᠭ᠍ᠰᠡᠨ ᠪᠦᠭᠡᠳ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠬᠦᠰᠡᠯᠡᠭ᠌ ᠢᠳ᠋ᠡᠭᠡᠯ ᠪᠢᠰᠢᠷᠡᠯ ᠶᠢᠡᠨ ᠪᠠᠳ᠋ᠤᠳᠬᠠᠨ᠂ ᠨᠠᠮ ᠤᠨ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠪᠢᠰᠢᠷᠡᠨ ᠵᠢᠷᠦᠭᠡᠰᠢᠶᠡᠬᠦ ᠶᠢ ᠮᠡᠳ᠋ᠡᠨ᠂ ᠰᠡᠷᠭᠡᠢ᠌ᠯᠡᠨ ᠬᠢᠴᠢᠶᠡᠵᠦ᠂ ᠬᠤᠷᠢᠭ᠎ᠠ ᠱᠤᠭᠤᠮ ᠢ ᠰᠠᠬᠢᠨ᠂ ᠴᠠᠭ ᠢᠮᠠᠭᠳ᠋ᠠ ᠤᠯᠤᠰ ᠲᠦ᠋ᠷᠦ ᠶᠢᠨ ᠴᠢᠭᠯᠡᠯ ᠶᠢᠡᠨ ᠪᠠᠳ᠋ᠤᠳᠬᠠᠵᠤ᠂ ᠦᠵᠡᠯ ᠰᠠᠨᠠᠭᠠᠨ ᠤ ᠵᠤᠭᠰᠤᠴᠠ ᠪᠠᠨ ᠲᠡᠭᠡᠭ᠍ᠰᠢᠯᠡᠭᠦᠯᠦᠨ᠂ ᠦᠪᠡᠷ ᠢ ᠪᠠᠨ ᠡᠷᠭᠢᠴᠡᠭᠦᠯᠵᠦ ᠲᠤᠩᠭ᠋ᠠᠨ ᠪᠡᠶ᠎ᠠ ᠪᠠᠨ ᠱᠠᠭᠠᠷᠳ᠋ᠠᠵᠤ᠂ ᠢᠯᠵᠡᠷᠡᠯ ᠢ ᠡᠷᠡᠰ ᠲᠡᠪᠴᠢᠨ᠂ ᠨᠠᠮ ᠤᠨ ᠲᠤᠭ ᠲᠤᠤᠷᠠᠬᠢ ᠲᠠᠩᠭ᠋ᠠᠷᠢᠭ ᠶᠢᠡᠨ ᠪᠠᠳ᠋ᠤ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠳ᠋ᠠᠭᠠᠷᠠᠢ ᠭᠡᠵᠦ ᠱᠠᠭᠠᠷᠳ᠋ᠠᠪᠠ᠃

ᠬᠤᠷᠠᠯ ᠲᠡᠭᠡᠷ᠎ᠠ ᠪᠠᠰᠠ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠦᠶᠡᠷ ᠤᠨ ᠬᠤᠭᠤᠴᠠᠭᠠᠨ ᠤ ᠵᠢᠵᠢᠭᠦᠷ ᠤᠨ ᠡᠭᠡᠯᠵᠢ ᠵᠡᠷᠭᠡ ᠠᠵᠢᠯ ᠢ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)