ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠴᠡᠷᠢᠭ᠌ ᠡᠴᠡ ᠬᠠᠯᠠᠭᠳ᠋ᠠᠭᠰᠡᠳ ᠵᠢᠴᠢ ᠬᠠᠷᠠᠭᠠᠯᠵᠠᠬᠤ ᠡᠳ᠋ᠡᠭᠡᠳ ᠢ ᠪᠤᠯᠭᠤᠭᠠᠨ ᠦᠵᠡᠵᠦ ᠲᠤᠬᠤᠨᠢᠭᠤᠯᠪᠠ

      
     《8·1》 ᠤ ᠴᠡᠷᠢᠭ᠌ ᠪᠠᠢ᠌ᠭᠤᠯᠤᠭᠳ᠋ᠠᠭᠰᠠᠨ ᠪᠠᠶᠠᠷ ᠬᠦᠷᠴᠦ ᠢᠷᠡᠬᠦ ᠲᠠᠰᠢᠷᠠᠮ ᠶᠢᠡᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ  ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠲᠤᠰ ᠲᠤᠰ ᠪᠠᠶᠠᠷᠳ᠋ᠤᠬᠤᠰᠢᠭᠤ ᠪᠠᠯᠭᠠᠰᠤ᠂ ᠠᠷᠤ ᠬᠦᠨᠳ᠋ᠡᠯᠡᠨ ᠪᠠᠯᠭᠠᠰᠤ᠂ ᠦᠷᠭᠡᠨᠳ᠋ᠠᠯ᠎ᠠ ᠲᠠᠷᠢᠶᠠᠯᠠᠩ ᠤᠨ ᠲᠠᠯᠠᠪᠠᠢ᠂ ᠰᠢᠶᠠᠩᠱᠠᠨ ᠪᠠᠯᠭᠠᠰᠤ᠂ ᠦᠯᠵᠡᠢ᠌ᠮᠦ᠋ᠷᠡᠨ ᠰᠤᠮᠤ ᠵᠡᠷᠭᠡ ᠭᠠᠵᠠᠷ ᠲᠤ ᠬᠦᠷᠴᠦ ᠴᠡᠷᠢᠭ᠌ ᠡᠴᠡ ᠬᠠᠯᠠᠭᠳ᠋ᠠᠭᠰᠠᠳ ᠵᠢᠴᠢ ᠬᠠᠷᠠᠭᠠᠯᠵᠠᠬᠤ ᠡᠳ᠋ᠡᠭᠡᠳ ᠢ ᠪᠤᠯᠭᠤᠭᠠᠨ ᠲᠤᠬᠤᠨᠢᠭᠤᠯᠵᠤ᠂ ᠲᠡᠳ᠋ᠡᠨ ᠳᠤ ᠨᠠᠮ ᠪᠠ ᠵᠠᠰᠠᠭ ᠤᠨ ᠤᠷᠳ᠋ᠤᠨ ᠤ ᠬᠠᠢ᠌ᠷ᠎ᠠ ᠬᠠᠯᠠᠮᠵᠢ ᠶᠢ ᠬᠦᠷᠭᠡᠪᠡ᠃

        
        ᠪᠤᠯᠭᠤᠭᠠᠨ ᠲᠤᠬᠤᠨᠢᠭᠤᠯᠬᠤ ᠲᠤᠮᠳ᠋ᠠ᠂ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠨᠡᠷ ᠴᠡᠷᠢᠭ᠌ ᠡᠴᠡ ᠬᠠᠯᠠᠭᠳ᠋ᠠᠭᠰᠡᠳ ᠪᠠ ᠬᠠᠷᠠᠭᠠᠯᠵᠠᠬᠤ ᠡᠳ᠋ᠡᠭᠡᠳ ᠵᠢᠴᠢ ᠭᠡᠷ ᠪᠦᠯᠢ ᠶᠢᠨ ᠬᠢᠨ ᠲᠡᠶ ᠲᠤᠳ᠋ᠤᠨᠤᠰᠤᠭ ᠶᠢᠡᠷ ᠶᠠᠷᠢᠯᠴᠠᠬᠤ ᠶᠢᠨ ᠬᠠᠮᠳ᠋ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠡᠷ ᠴᠡᠷᠢᠭ᠌ ᠡᠴᠡ ᠬᠠᠯᠠᠭᠳ᠋ᠠᠭᠰᠡᠳ ᠵᠢᠴᠢ ᠬᠠᠷᠠᠭᠠᠯᠵᠠᠬᠤ ᠡᠳ᠋ᠡᠭᠡᠳ ᠢ ᠬᠠᠯᠠᠮᠵᠢᠯᠡᠨ᠂ ᠬᠠᠮᠢᠶ᠎ᠠ ᠪᠦᠬᠦᠢ ᠲᠦ᠋ᠷᠦ ᠶᠢᠨ ᠪᠤᠳ᠋ᠤᠯᠭ᠎ᠠ ᠶᠢᠨ ᠬᠠᠷᠠᠭᠠᠯᠵᠠᠯ ᠢ ᠨᠠᠷᠢᠨ ᠬᠢᠨᠠᠮᠠᠭᠠᠢ ᠨᠠᠢ᠌ᠳ᠋ᠠᠪᠤᠷᠢᠵᠢᠭᠤᠯᠵᠤ᠂ ᠲᠡᠳ᠋ᠡᠨ ᠤ ᠬᠦᠴᠢᠷᠳ᠋ᠡᠯ ᠢ ᠰᠢ᠌ᠳᠪᠦᠷᠢᠯᠡᠨ᠂ ᠪᠤᠳ᠋ᠠᠳ᠋ᠤ ᠶᠠᠪᠤᠳ᠋ᠠᠯ ᠬᠢᠵᠦ᠂ ᠨᠠᠮ ᠪᠠ ᠵᠠᠰᠠᠭ ᠤᠨ ᠤᠷᠳ᠋ᠤᠨ ᠤ ᠬᠠᠢ᠌ᠷ᠎ᠠ ᠬᠠᠯᠠᠮᠵᠢ ᠶᠢ ᠦᠨᠡᠨ ᠬᠦ ᠬᠦᠷᠳ᠋ᠡᠭᠡᠬᠦ ᠬᠡᠷᠡᠭ᠍ᠳ᠋ᠠᠢ ᠭᠡᠵᠦ ᠵᠠᠬᠢᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠬᠢᠨᠠᠨ ᠵᠢᠯᠤᠭᠤᠳᠪᠠ
ᠳᠠᠷᠠᠭᠠᠬᠢ᠄ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠤᠷᠪᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ