ᠬᠤᠩᠬᠠᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠪᠠᠶᠠᠨᠳ᠋ᠠᠯ᠎ᠠ ᠳᠤ ᠬᠦᠷᠴᠦ ᠲᠤᠭᠤᠷᠢᠨ ᠦᠵᠡᠵᠦ ᠰᠤᠷᠤᠯᠴᠠᠪᠠ

7 ᠰᠠᠷ᠎ᠠ ᠶᠢᠨ 26 ᠤ ᠡᠳ᠋ᠦᠷ ᠤᠨ ᠦᠳ᠋ᠡ ᠶᠢᠨ ᠡᠮᠦᠨ᠎ᠠ᠂ ᠬᠤᠩᠬᠠᠳ᠋ᠤ ᠪᠠᠯᠭᠠᠰᠤ ᠬᠡᠰᠡᠭ᠌ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠪᠠᠶᠠᠨᠳ᠋ᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭᠠᠨ ᠳᠤ ᠬᠦᠷᠴᠦ ᠲᠤᠭᠤᠷᠢᠨ ᠦᠵᠡᠵᠦ ᠰᠤᠷᠤᠯᠴᠠᠪᠠ᠃
ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ ᠡᠦ ᠶᠦ᠋ᠨ ᠪᠦᠸᠸ ᠤᠯᠠᠨ ᠢ ᠲᠠᠭᠠᠭᠤᠯᠤᠨ ᠮᠠᠯᠴᠢᠨ ᠠᠢ᠌ᠯ ᠬᠤᠷᠰᠢᠶᠠᠵᠢᠯ ᠵᠢᠴᠢ ᠫᠧᠩ ᠰᠠᠷᠠᠪᠴᠢ᠂ ᠤᠷᠭᠠᠨᠢᠭ ᠪᠤᠷᠳ᠋ᠤᠭᠤᠷ ᠤᠨ ᠦᠢᠯᠡᠳᠪᠦᠷᠢ ᠵᠡᠷᠭᠡ ᠬᠤᠷᠰᠢᠶᠠᠵᠢᠯᠳ᠋ᠡ ᠶᠢᠨ ᠰᠠᠭᠤᠷᠢ ᠪᠦᠳ᠋ᠦᠭᠡᠨ ᠪᠠᠢ᠌ᠭᠤᠯᠤᠯᠳ᠋ᠠ ᠶᠢ ᠲᠤᠭᠤᠷᠢᠨ ᠦᠵᠡᠭᠦᠯᠪᠡ᠃ (ᠨᠠᠢ᠌ᠷᠠᠭᠤᠯᠤᠭᠴᠢ᠄ ᠯᠸᠢ ᠫᠠᠩ)