ᠯᠦ᠋ᠪᠸᠢ ᠪᠠᠯᠭᠠᠰᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠭᠤᠷᠢᠨ ᠪᠠᠢ᠌ᠴᠠᠭᠠᠵᠤ ᠰᠤᠳ᠋ᠤᠯᠬᠤ ᠠᠵᠢᠯᠯᠠᠭ᠎ᠠ ᠦᠷᠨᠢᠭᠦᠯᠪᠡ

7 ᠰᠠᠷ᠎ᠠ ᠶᠢᠨ 28 ᠤ ᠡᠳ᠋ᠦᠷ᠂ ᠯᠦ᠋ᠪᠸᠢ ᠪᠠᠯᠭᠠᠰᠤ 40 ᠭᠠᠷᠤᠢ ᠬᠤᠳ᠋ᠠ᠂ ᠬᠤᠰᠢᠭᠤ᠂ ᠪᠠᠯᠭᠠᠰᠤ ᠭᠤᠷᠪᠠᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠭᠤᠷᠢᠨ ᠪᠠᠢ᠌ᠴᠠᠭᠠᠵᠤ ᠰᠤᠳ᠋ᠤᠯᠬᠤ ᠠᠵᠢᠯᠯᠠᠭ᠎ᠠ ᠦᠷᠨᠢᠭᠦᠯᠪᠡ᠃

ᠠᠷᠠᠳ ᠤᠨ ᠲᠦ᠋ᠯᠦᠭᠡᠯᠡᠭ᠍ᠴᠢᠳ ᠤᠷᠢᠳ ᠬᠤᠵᠢᠳ ᠯᠦ᠋ᠪᠸᠢ ᠪᠠᠯᠭᠠᠰᠤᠨ ᠤ 《ᠠᠷᠠᠳ ᠤᠨ ᠲᠦ᠋ᠯᠦᠭᠡᠯᠡᠭ᠍ᠴᠢᠳ ᠤᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ᠂ ᠵᠦ᠋ᠩ ᠰᠢᠩ ᠮᠠᠯᠵᠢᠯ ᠤᠨ ᠲᠠᠯᠠᠪᠠᠢ ᠶᠢᠨ ᠪᠠᠶᠠᠵᠢᠨ᠎ᠠ ᠲᠤᠷᠰᠢᠯᠳ᠋ᠡ ᠶᠢᠨ ᠮᠠᠯᠵᠢᠯ ᠤᠨ ᠲᠠᠯᠠᠪᠠᠢ᠂ ᠵᠦ᠋ᠩ ᠰᠢᠩ ᠲᠤᠰᠬᠤᠨ ᠤ ᠬᠤᠩ ᠶᠦ᠋ᠨ ᠺᠠᠢ ᠨᠢᠶᠠᠨ ᠲᠡᠵᠢᠭᠡᠨ ᠦᠷᠡᠵᠢᠭᠦᠯᠬᠦ ᠬᠤᠷᠰᠢᠶᠠᠵᠢᠯ᠂ ᠠᠮᠠᠰᠡᠷ ᠭᠠᠴᠠᠭᠠᠨ ᠤ ᠰᠢᠷ᠎ᠠ ᠪᠤᠷᠴᠠᠭ ᠢ ᠲᠠᠬᠢᠨ ᠲᠠᠷᠢᠬᠤ ᠵᠢᠱᠢᠶ᠎ᠠ ᠦᠵᠡᠭᠦᠯᠬᠦ ᠰᠠᠭᠤᠷᠢᠨ ᠭᠠᠵᠠᠷ᠂ ᠢᠦᠢ ᠫᠤᠤ ᠽᠢ ᠲᠤᠰᠬᠤᠨ ᠤᠨ ᠨᠠᠮ ᠤᠯᠠᠨ ᠲᠦ᠋ᠮᠡᠨ ᠤ ᠦᠢᠯᠡᠴᠢᠯᠡᠭᠡᠨ ᠤ ᠲᠦ᠋ᠪ᠂ ᠰᠢᠶᠤᠤ ᠡᠾᠸᠢ ᠱᠠᠨ ᠲᠤᠰᠬᠤᠨ ᠤ ᠶᠧᠦ ᠶᠤᠸᠠᠨ ᠴᠠᠭᠠᠨ ᠢᠳ᠋ᠡᠭᠡ ᠪᠤᠯᠪᠠᠰᠤᠷᠠᠭᠤᠯᠬᠤ ᠦᠢᠯᠡᠳᠪᠦᠷᠢ ᠵᠡᠷᠭᠡ ᠭᠠᠵᠠᠷ ᠳᠤ ᠬᠦᠷᠴᠦ ᠪᠠᠢ᠌ᠴᠠᠭᠠᠨ ᠰᠤᠳ᠋ᠤᠯᠪᠠ᠃ (ᠨᠠᠢ᠌ᠷᠠᠭᠤᠯᠤᠭᠴᠢ᠄ ᠯᠸᠢ ᠫᠠᠩ)