ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠤᠷᠪᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ

8 ᠰᠠᠷ᠎ᠠ ᠶᠢᠨ 4 ᠤ ᠡᠳ᠋ᠦᠷ᠂ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠤᠷᠪᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠭᠦᠸᠸ ᠵᠢᠴᠢ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠳ ᠬᠤᠷᠠᠯ ᠳᠤ ᠰᠠᠭᠠᠳ᠋ᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠵᠤᠬᠢᠶᠠᠨ ᠪᠠᠢ᠌ᠭᠤᠯᠬᠤ ᠬᠡᠯᠳ᠋ᠡᠰ ᠤᠨ ᠲᠠᠷᠤᠭ᠎ᠠ ᠰᠦ᠋ᠸᠸ ᠮᠢᠩ ᠢᠦᠢ᠂ ᠬᠤᠰᠢᠭᠤᠨ ᠤ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠭᠦᠸᠸ ᠶᠠ ᠹᠸᠩ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠲᠠᠷᠤᠭ᠎ᠠ ᠲᠤᠩᠭ᠋ᠠᠯᠠᠭ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠤᠩ ᠵᠢᠴᠢ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶ᠎ᠠ ᠶᠢᠨ ᠬᠢᠨᠠᠨ ᠪᠠᠢ᠌ᠴᠠᠭᠠᠬᠤ ᠵᠦ᠋ᠪᠯᠡᠯ᠂ ᠬᠤᠰᠢᠭᠤᠨ ᠤ ᠵᠠᠰᠠᠭ ᠤᠨ ᠤᠷᠳ᠋ᠤᠨ ᠤ ᠠᠯᠪᠠᠨ ᠭᠡᠷ᠂ ᠬᠤᠰᠢᠭᠤᠨ ᠤ ᠦᠨᠳ᠋ᠦᠰᠦᠳ᠋ᠡᠨ ᠤ ᠶᠠᠪᠤᠳ᠋ᠠᠯ ᠤᠨ ᠵᠦ᠋ᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠭᠦᠳ ᠪᠠ 10 ᠨᠡᠷᠡᠰ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠤᠷᠠᠯ ᠳᠤ ᠰᠤᠯᠠ ᠤᠷᠤᠯᠴᠠᠪᠠ᠃ ᠬᠤᠷᠠᠯ ᠢ ᠡᠦ ᠴᠢᠩ ᠬᠠᠢ ᠡᠷᠬᠢᠯᠡᠪᠡ᠃
ᠲᠤᠰ ᠤᠳ᠋ᠠᠭᠠᠨ ᠤ ᠬᠤᠷᠠᠯᠳ᠋ᠤᠭᠠᠨ ᠳᠤ ᠤᠷᠤᠯᠴᠠᠬᠤ ᠪᠠᠢ᠌ᠩᠭ᠋ᠤ ᠶᠢᠨ ᠬᠤᠷᠢᠶᠠᠨ ᠤ ᠭᠡᠰᠢᠭᠦᠨ 33 ᠬᠦᠮᠦᠨ᠂ ᠪᠤᠳ᠋ᠠᠳ᠋ᠠᠢ ᠤᠷᠤᠯᠴᠠᠭᠰᠠᠨ ᠨᠢ 25 ᠬᠦᠮᠦᠨ ᠪᠠᠢ᠌ᠵᠤ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠨᠠ᠃
ᠬᠤᠷᠠᠯ ᠡᠴᠡ ᠠᠵᠢᠯᠳ᠋ᠡᠨ ᠤ ᠶᠠᠪᠤᠳ᠋ᠠᠯ ᠤᠨ ᠲᠤᠰᠢᠶᠠᠯ ᠳᠤ ᠲᠤᠮᠢᠯᠠᠬᠤ ᠪᠠᠭᠤᠯᠭᠠᠬᠤ ᠵᠦ᠋ᠢᠯᠡᠰ ᠢ ᠶᠠᠪᠤᠭᠳ᠋ᠠᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠭᠦᠸᠸ ᠶᠠ ᠹᠸᠩ 《ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠳᠤ ᠺᠠᠳ᠋ᠷ ᠢ ᠲᠤᠮᠢᠯᠠᠬᠤ ᠪᠠᠭᠤᠯᠭᠠᠬᠤ ᠭᠤᠶᠤᠴᠢᠯᠠᠯ》 ᠢ ᠤᠩᠰᠢᠨ ᠨᠡᠪᠳ᠋ᠡᠷᠡᠭᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠵᠤᠬᠢᠶᠠᠨ ᠪᠠᠢ᠌ᠭᠤᠯᠬᠤ ᠬᠡᠯᠳ᠋ᠡᠰ ᠤᠨ ᠲᠠᠷᠤᠭ᠎ᠠ ᠰᠦ᠋ᠸᠸ ᠮᠢᠩ ᠢᠦᠢ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠺᠠᠳ᠋ᠷ ᠤᠨ ᠲᠤᠪᠴᠢ ᠨᠠᠮᠳ᠋ᠠᠷ ᠢ ᠲᠠᠨᠢᠯᠴᠠᠭᠤᠯᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠲᠠᠷᠤᠭ᠎ᠠ ᠲᠤᠩᠭ᠋ᠠᠯᠠᠭ 《ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠤᠶᠤᠨᠳ᠋ᠠᠨᠠ ᠵᠡᠷᠭᠡ 5 ᠨᠦ᠋ᠬᠦᠷ ᠤᠨ ᠰᠢᠬᠦᠨ ᠲᠠᠰᠤᠯᠬᠤ ᠲᠤᠰᠢᠶᠠᠯ ᠳᠤ ᠲᠤᠮᠢᠯᠠᠬᠤ ᠪᠠᠭᠤᠯᠭᠠᠬᠤ ᠭᠤᠶᠤᠴᠢᠯᠠᠯ》 ᠢ ᠤᠩᠰᠢᠨ ᠨᠡᠪᠳ᠋ᠡᠷᠡᠭᠡᠬᠦ ᠶᠢᠨ ᠬᠠᠮᠳ᠋ᠤ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠺᠠᠳ᠋ᠷ ᠤᠨ ᠲᠤᠪᠴᠢ ᠨᠠᠮᠳ᠋ᠠᠷ ᠢ ᠲᠠᠨᠢᠯᠴᠠᠭᠤᠯᠪᠠ᠃ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠤᠩ 《ᠵᠠᠷᠤᠳ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠬᠤᠤᠰᠪᠠᠶᠠᠷ ᠨᠦ᠋ᠬᠦᠷ ᠢ ᠬᠠᠦᠯᠢ ᠴᠠᠭᠠᠵᠠ ᠶᠢᠨ ᠲᠤᠰᠢᠶᠠᠯ ᠡᠴᠡ ᠪᠠᠭᠤᠯᠭᠠᠬᠤ ᠭᠤᠶᠤᠴᠢᠯᠠᠯ》 ᠢ ᠤᠩᠰᠢᠨ ᠨᠡᠪᠳ᠋ᠡᠷᠡᠭᠡᠪᠡ᠃
ᠬᠤᠷᠠᠯ ᠲᠡᠭᠡᠷ᠎ᠠ ᠭᠠᠷ ᠡᠷᠭᠦᠨ ᠪᠠᠳ᠋ᠤᠯᠠᠬᠤ ᠪᠠᠷ ᠲᠠᠮᠵᠢᠨ᠂ ᠺᠠᠢ ᠮᠢᠩ ᠤᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠭᠦᠢᠴᠡᠳᠭᠡᠬᠦ ᠲᠤᠪᠴᠢᠶ᠎ᠠ ᠶᠢᠨ ᠲᠡᠳ᠋ ᠲᠤᠪᠴᠢᠶᠠᠨ ᠲᠠᠷᠤᠭ᠎ᠠ᠂ ᠪᠤᠤ ᠬᠠᠢ ᠱᠠᠨ ᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠭᠦᠢᠴᠡᠳᠭᠡᠬᠦ ᠲᠤᠪᠴᠢᠶ᠎ᠠ ᠶᠢᠨ ᠲᠡᠳ᠋ ᠲᠤᠪᠴᠢᠶᠠᠨ ᠲᠠᠷᠤᠭ᠎ᠠ᠂ ᠪᠠᠢ ᠰᠢᠨ ᠵᠢᠶᠸ ᠤᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠬᠠᠦᠯᠢ ᠲᠠᠰᠤᠯᠬᠤ ᠲᠢᠩᠭᠢᠮ ᠤᠨ ᠲᠡᠳ᠋ ᠲᠢᠩᠭᠢᠮ ᠤᠨ ᠲᠠᠷᠤᠭ᠎ᠠ᠂ ᠬᠤᠤᠰᠪᠠᠶᠠᠷ ᠤᠨ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠭᠴᠢ᠂ ᠪᠠᠢ᠌ᠴᠠᠭᠠᠬᠤ ᠵᠦ᠋ᠪᠯᠡᠯ ᠤᠨ ᠭᠡᠰᠢᠭᠦᠨ ᠤ ᠬᠠᠦᠯᠢ ᠴᠠᠭᠠᠵᠠ ᠶᠢᠨ ᠲᠤᠰᠢᠶᠠᠯ ᠡᠴᠡ ᠪᠠᠭᠤᠬᠤ ᠶᠢ ᠪᠠᠳ᠋ᠤᠯᠠᠪᠠ᠃
ᠬᠤᠷᠠᠯ ᠲᠡᠭᠡᠷ᠎ᠠ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠬᠦᠮᠦᠰ ᠲᠤᠰᠢᠶᠠᠯ ᠡᠭᠦᠷᠭᠡᠯᠡᠬᠦ ᠶᠠᠷᠢᠶ᠎ᠠ ᠬᠢᠪᠡ᠃ ᠬᠠᠮᠢᠶ᠎ᠠ ᠪᠦᠬᠦᠢ ᠲᠦ᠋ᠷᠢᠮ ᠲᠤᠭᠳ᠋ᠠᠭᠠᠯ ᠢ ᠦᠨᠳ᠋ᠦᠰᠦᠯᠡᠨ᠂ ᠬᠤᠷᠠᠯ ᠤᠨ ᠡᠮᠦᠨ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠬᠦᠮᠦᠰ ᠲᠤ ᠲᠤᠰᠢᠶᠠᠯ ᠳᠤ ᠲᠤᠮᠢᠯᠠᠬᠤ ᠡᠴᠡ ᠡᠮᠦᠨᠡᠬᠢ ᠬᠠᠦᠯᠢ ᠴᠠᠭᠠᠵᠠ ᠶᠢᠨ ᠮᠡᠳ᠋ᠡᠯᠭᠡ ᠶᠢᠨ ᠰᠢᠯᠭᠠᠯᠳ᠋ᠠ ᠬᠢᠵᠦ᠂ ᠰᠢᠯᠭᠠᠯᠳ᠋ᠠ ᠶᠢᠨ ᠬᠢᠷᠢ ᠪᠦᠳ᠋ᠦᠮᠵᠢ ᠨᠢ ᠬᠢᠷᠢ ᠲᠡᠩᠴᠡᠨ᠂ ᠨᠢᠭᠡᠨᠳ᠋ᠡ ᠲᠤᠰᠢᠶᠠᠯ ᠳᠤ ᠲᠤᠮᠢᠯᠠᠬᠤ ᠬᠠᠦᠯᠢ ᠴᠠᠭᠠᠵᠠ ᠶᠢᠨ ᠬᠡᠪ ᠴᠢᠨᠠᠷ ᠢ ᠪᠦᠷᠢᠯᠳ᠋ᠦᠭᠦᠯᠦᠭ᠍ᠰᠡᠨ ᠪᠠᠢ᠌ᠨ᠎ᠠ᠃
ᠬᠤᠷᠠᠯ ᠡᠴᠡ ᠪᠢᠯᠸᠲ ᠦᠭ᠍ᠴᠦ ᠰᠤᠩᠭ᠋ᠤᠬᠤ ᠪᠠᠷ ᠲᠠᠮᠵᠢᠨ ᠼᠤᠤ ᠢᠦᠢ ᠯᠦ᠋ᠩ ᠨᠦ᠋ᠬᠦᠷ ᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ᠂ ᠰᠡᠴᠡᠨᠳ᠋ᠤᠩᠭ᠋ᠠᠯᠠᠭ ᠨᠦ᠋ᠬᠦᠷ ᠢ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠭ᠍ᠴᠢ᠂ ᠤᠶᠤᠨᠳ᠋ᠠᠨᠠ ᠨᠦ᠋ᠬᠦᠷ ᠢ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠭ᠍ᠴᠢ ᠪᠠᠷ ᠲᠤᠮᠢᠯᠠᠪᠠ᠃ ᠡᠦ ᠴᠢᠩ ᠬᠠᠢ ᠡᠴᠡ ᠰᠢᠨ᠎ᠠ ᠲᠤᠰᠢᠶᠠᠯ ᠳᠤ ᠲᠤᠮᠢᠯᠠᠭᠳ᠋ᠠᠭᠰᠡᠳ ᠲᠤ ᠲᠤᠮᠢᠯᠠᠯ ᠤᠨ ᠪᠢᠴᠢᠭ᠌ ᠭᠠᠷᠳ᠋ᠠᠭᠤᠯᠵᠤ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃
ᠡᠦ ᠴᠢᠩ ᠬᠠᠢ ᠡᠴᠡ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ᠂ ᠬᠤᠰᠢᠭᠤᠨ ᠤ ᠪᠠᠢ᠌ᠳ᠋ᠠᠯ ᠪᠠ ᠠᠵᠢᠯ ᠤᠨ ᠪᠠᠢ᠌ᠷᠢ ᠪᠠᠨ ᠤᠢ᠌ᠯᠠᠭᠠᠵᠤ᠂ ᠬᠠᠷᠢᠭᠤᠴᠠᠯᠭ᠎ᠠ ᠶᠢᠨ ᠬᠤᠪᠢᠶᠠᠷᠯᠠᠯ ᠶᠢᠡᠷ᠂ ᠦᠪᠡᠷ ᠤᠨ ᠲᠠᠪᠠᠭᠤᠯᠢᠭ ᠶᠢᠡᠨ ᠪᠠᠳ᠋ᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠬᠦᠭ᠍ᠵᠢᠯᠳ᠋ᠡ ᠶᠢ ᠠᠬᠢᠭᠤᠯᠬᠤ᠂ ᠨᠡᠢ᠌ᠭᠡᠮ ᠤᠨ ᠡᠶ᠎ᠠ ᠵᠤᠬᠢᠴᠠᠩᠭ᠋ᠤᠢ ᠲᠤᠭᠳ᠋ᠠᠭᠤᠨ ᠢ ᠠᠬᠢᠭᠤᠯᠬᠤ ᠶᠡᠬᠡ ᠲᠠᠯ᠎ᠠ ᠳᠤ ᠠᠭᠤᠰᠤᠯᠴᠠᠬᠤ ᠬᠡᠷᠡᠭ᠍ᠳ᠋ᠠᠢ︔ ᠬᠠᠦᠯᠢ ᠴᠠᠭᠠᠵᠠ ᠶᠢᠨ ᠤᠬᠠᠮᠰᠡᠷ ᠶᠢᠡᠨ ᠤᠯᠠᠮ ᠨᠢᠭᠡ ᠠᠯᠬᠤᠮ ᠴᠢᠩᠭ᠋ᠠᠳᠬᠠᠨ᠂ ᠦᠨᠳ᠋ᠦᠰᠦᠨ ᠬᠠᠦᠯᠢ᠂ ᠬᠢᠨᠠᠯᠳ᠋ᠠ ᠲᠠᠯᠪᠢᠬᠤ ᠬᠠᠦᠯᠢ ᠵᠡᠷᠭᠡ ᠬᠠᠦᠯᠢ ᠴᠠᠭᠠᠵᠠ ᠬᠠᠦᠯᠢ ᠲᠤᠭᠳ᠋ᠠᠭᠠᠯ ᠢ ᠲᠦ᠋ᠷᠦᠭᠦᠯᠡᠨ ᠲᠤᠭᠤᠰᠢᠯᠠᠭᠤᠯᠤᠨ ᠬᠡᠷᠡᠭ᠍ᠵᠢᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠭᠳ᠋ᠠᠭᠠᠯ ᠰᠢ᠌ᠳᠪᠦᠷᠢ ᠢ ᠨᠠᠷᠢᠨ ᠬᠢᠨᠠᠮᠠᠭᠠᠢ ᠬᠡᠷᠡᠭ᠍ᠵᠢᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠢᠨᠠᠨ ᠵᠦ᠋ᠪᠯᠡᠬᠦ ᠰᠠᠨᠠᠯ ᠢ ᠨᠠᠢ᠌ᠳ᠋ᠠᠪᠤᠷᠢᠵᠢᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠵᠤᠬᠢᠶᠠᠨ ᠪᠠᠢ᠌ᠭᠤᠯᠤᠭᠰᠠᠨ ᠪᠠᠢ᠌ᠴᠠᠭᠠᠨ ᠦᠵᠡᠬᠦ᠂ ᠪᠠᠢ᠌ᠴᠠᠭᠠᠨ ᠰᠤᠳ᠋ᠤᠯᠤᠯᠳ᠋ᠠ ᠵᠢᠴᠢ ᠠᠰᠠᠭᠤᠨ ᠯᠠᠪᠯᠠᠬᠤ ᠵᠡᠷᠭᠡ ᠠᠵᠢᠯᠯᠠᠭ᠎ᠠ ᠶᠢ ᠢᠳ᠋ᠡᠪᠬᠢᠳ᠋ᠠᠢ ᠲᠡᠮᠵᠢᠨ ᠬᠠᠮᠵᠢᠯᠴᠡᠵᠦ᠂ ᠠᠵᠢᠯ ᠤᠨ ᠴᠢᠨᠠᠷ ᠴᠢᠨᠰᠠᠭ᠎ᠠ ᠪᠠ ᠬᠢᠷᠢ ᠲᠦ᠋ᠪᠰᠢᠨ ᠢ ᠲᠠᠰᠤᠷᠠᠯᠳ᠋ᠡ ᠦᠭᠡᠶ ᠲᠡᠭᠡᠭ᠍ᠰᠢᠯᠡᠬᠦᠯᠬᠦ ᠬᠡᠷᠡᠭ᠍ᠳ᠋ᠠᠢ ᠭᠡᠵᠦ ᠱᠠᠭᠠᠷᠳ᠋ᠠᠪᠠ᠃
ᠬᠤᠷᠠᠯ ᠡᠴᠡ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ 《〈ᠦᠪᠦᠷ ᠮᠤᠩᠭ᠋ᠤᠯ ᠤᠨ ᠦᠪᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ〉 ᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠮᠡᠳ᠋ᠡᠭᠦᠯᠦᠯᠳ᠋ᠡ》 ᠶᠢ ᠰᠤᠨᠤᠰᠴᠦ ᠬᠢᠨᠠᠨ ᠵᠦ᠋ᠪᠯᠡᠪᠡ︔ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠵᠢᠯ ᠤᠨ ᠲᠦ᠋ᠷᠢᠮ (ᠲᠦ᠋ᠰᠦᠯ) ᠢ ᠵᠦ᠋ᠪᠯᠡᠨ ᠪᠠᠳ᠋ᠤᠯᠠᠵᠤ᠂ ᠬᠤᠷᠠᠯ ᠳᠤ ᠤᠷᠤᠯᠴᠠᠭᠰᠡᠳ ᠡᠯ᠎ᠠ ᠲᠦ᠋ᠷᠦᠯ ᠤᠨ ᠮᠡᠳ᠋ᠡᠭᠦᠯᠦᠯᠳ᠋ᠡ ᠶᠢᠨ ᠲᠤᠭᠤᠷᠢᠨ ᠳᠤ ᠶᠠᠷᠢᠯᠴᠠᠭ᠎ᠠ ᠦᠷᠨᠢᠭᠦᠯᠦᠭ᠍ᠰᠡᠨ ᠪᠦᠭᠡᠳ ᠬᠠᠨᠳ᠋ᠤᠯᠭᠠᠳ᠋ᠤ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃
ᠬᠤᠷᠠᠯ ᠲᠡᠭᠡᠷ᠎ᠠ᠂ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠳ ᠢ ᠵᠤᠬᠢᠶᠠᠨ ᠪᠠᠢ᠌ᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠳᠤ ᠴᠢᠭᠯᠡᠭᠦᠯᠦᠨ᠂ ᠰᠤᠷᠤᠯᠴᠠᠯᠭ᠎ᠠ ᠶᠢᠨ ᠭᠤᠤᠯᠳ᠋ᠠᠯᠭ᠎ᠠ ᠶᠢ ᠲᠤᠪᠤᠢ᠌ᠯᠭᠠᠵᠤ᠂ ᠬᠢᠨᠠᠨ ᠪᠤᠳ᠋ᠤᠬᠤ ᠲᠤᠪᠴᠢᠶ᠎ᠠ᠂ ᠠᠵᠤ ᠦᠢᠯᠡᠳᠪᠦᠷᠢ ᠰᠤᠷᠠᠭ ᠵᠠᠩᠭᠢᠴᠢᠯᠠᠯᠳ᠋ᠠ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ ᠶᠢᠨ ᠭᠤᠤᠯ ᠬᠠᠷᠢᠭᠤᠴᠠᠯᠭᠠᠳ᠋ᠠᠨ ᠢ ᠤᠷᠢᠵᠤ ᠲᠤᠰᠪᠦᠷᠢ ᠬᠢᠨᠠᠨ ᠪᠤᠳ᠋ᠤᠬᠤ ᠦᠨᠳ᠋ᠦᠰᠦᠨ ᠮᠡᠳ᠋ᠡᠯᠭᠡ᠂ ᠬᠢᠨᠠᠨ ᠪᠤᠳ᠋ᠤᠬᠤ ᠬᠠᠦᠯᠢ ᠳᠤ ᠵᠠᠰᠠᠪᠤᠷᠢ ᠤᠷᠤᠭᠤᠯᠤᠭᠰᠠᠨ᠂ ᠬᠢᠨᠠᠨ ᠪᠤᠳ᠋ᠤᠬᠤ ᠡᠭᠦᠷᠭᠡ ᠬᠠᠷᠢᠭᠤᠴᠠᠯᠭ᠎ᠠ᠂ ᠪᠦᠬᠦ ᠬᠤᠰᠢᠭᠤᠨ ᠤ ᠠᠵᠤ ᠦᠢᠯᠡᠳᠪᠦᠷᠢ ᠠᠵᠤ ᠠᠬᠤᠢ ᠶᠢᠨ ᠡᠷᠭᠢᠯᠳ᠋ᠡ᠂ ᠠᠵᠤ ᠦᠢᠯᠡᠰ ᠤᠨ ᠬᠦᠭ᠍ᠵᠢᠯᠳ᠋ᠡ᠂ ᠲᠤᠭᠳ᠋ᠠᠮᠠᠯ ᠬᠦᠷᠦᠩᠭᠡ ᠶᠢᠨ ᠪᠡᠯᠡ ᠤᠷᠤᠭᠤᠯᠤᠯᠳ᠋ᠠ᠂ ᠠᠵᠤ ᠦᠢᠯᠡᠳᠪᠦᠷᠢ ᠶᠢᠨ ᠬᠦᠷᠢᠶᠠᠯᠡᠩ ᠲᠤᠭᠤᠷᠢᠭ ᠤᠨ ᠬᠦᠭ᠍ᠵᠢᠯᠳ᠋ᠡ ᠶᠢᠨ ᠤᠳ᠋ᠤᠬᠢ ᠪᠠᠢ᠌ᠳ᠋ᠠᠯ᠂ ᠰᠢᠨᠵᠢᠯᠡᠭᠡ ᠮᠡᠷᠭᠡᠵᠢᠯ ᠤᠨ ᠡᠭᠦᠳ᠋ᠦᠯᠳ᠋ᠡ ᠪᠠ ᠤᠷᠤᠰᠢᠵᠤ ᠪᠠᠢ᠌ᠬᠤ ᠠᠰᠠᠭᠤᠳ᠋ᠠᠯ᠂ ᠠᠵᠢᠯ ᠤᠨ ᠠᠷᠭ᠎ᠠ ᠠᠪᠴᠡᠯ ᠵᠡᠷᠭᠡ ᠲᠠᠯ᠎ᠠ ᠪᠠᠷ ᠨᠠᠷᠢᠯᠢᠭ ᠲᠠᠢ᠌ᠯᠪᠤᠷᠢᠯᠠᠪᠠ᠃ (ᠨᠠᠢ᠌ᠷᠠᠭᠤᠯᠤᠭᠴᠢ᠄ ᠯᠸᠢ ᠫᠠᠩ)