ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠢ ᠪᠠᠢ᠌ᠴᠠᠭᠠᠨ ᠵᠢᠯᠤᠭᠤᠳᠪᠠ

8 ᠰᠠᠷ᠎ᠠ ᠶᠢᠨ 5 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠢ ᠪᠠᠢ᠌ᠴᠠᠭᠠᠨ ᠵᠢᠯᠤᠭᠤᠳᠪᠠ᠃
ᠡᠦ ᠴᠢᠩ ᠬᠠᠢ ᠤᠷᠢᠳ ᠬᠤᠵᠢᠳ ᠦᠨᠳ᠋ᠦᠷᠬᠠᠳ᠋ᠠ ᠭᠠᠴᠠᠭ᠎ᠠ᠂ ᠪᠠᠶᠠᠷᠳ᠋ᠤᠬᠤᠰᠢᠭᠤ ᠭᠠᠴᠠᠭᠠᠨ ᠳᠤ ᠬᠦᠷᠴᠦ᠂ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳ᠋ᠠᠨ ᠵᠢᠴᠢ ᠵᠤᠷᠯᠤᠩ ᠢ ᠵᠠᠰᠠᠨ ᠰᠠᠢ᠌ᠵᠢᠷᠠᠭᠤᠯᠬᠤ ᠢᠨᠵᠢᠨᠧᠷᠢᠩ ᠤᠨ ᠪᠠᠷᠢᠯᠭ᠎ᠠ ᠶᠢᠨ ᠡᠳ᠋ᠡᠭᠡᠳ ᠲᠡᠶ ᠰᠠᠨᠠᠯ ᠶᠢᠡᠨ ᠰᠤᠯᠢᠯᠴᠡᠨ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠴᠦ᠂ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠢ ᠠᠬᠢᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠵᠠᠰᠠᠨ ᠰᠠᠢ᠌ᠵᠢᠷᠠᠭᠤᠯᠬᠤ ᠠᠵᠢᠯ ᠤᠨ ᠶᠠᠪᠤᠴᠠ ᠳᠤ ᠤᠷᠤᠰᠢᠵᠤ ᠪᠠᠢ᠌ᠬᠤ ᠬᠦᠴᠢᠷᠳ᠋ᠡᠯ ᠪᠠ ᠠᠰᠠᠭᠤᠳ᠋ᠠᠯ ᠢ ᠲᠤᠬᠠᠢ ᠶᠢᠨ ᠲᠠᠯᠠᠪᠤᠷ ᠲᠤᠨᠢ ᠡᠮᠬᠢᠯᠡᠨ ᠰᠤᠳ᠋ᠤᠯᠵᠤ᠂ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃
ᠡᠦ ᠴᠢᠩ ᠬᠠᠢ ᠡᠴᠡ᠂ ᠬᠦᠳ᠋ᠡᠭᠡ ᠲᠤᠰᠬᠤᠨ ᠤ ᠵᠤᠷᠯᠤᠩ ᠤᠨ ᠬᠤᠪᠢᠰᠬᠠᠯ ᠪᠤᠯ ᠲᠡᠷᠢᠭᠦᠨ ᠴᠢᠬᠤᠯᠠ ᠠᠷᠠᠳ ᠤᠨ ᠠᠮᠢᠳ᠋ᠤᠷᠠᠯ ᠤᠨ ᠶᠡᠬᠡ ᠶᠠᠪᠤᠳ᠋ᠠᠯ ᠮᠦ᠋ᠷᠳ᠋ᠡᠭᠡᠨ ᠪᠠᠰᠠ ᠴᠢᠬᠤᠯᠠ ᠤᠯᠤᠰ ᠲᠦ᠋ᠷᠦ ᠶᠢᠨ ᠡᠭᠦᠷᠭᠡ ᠮᠦ᠋ᠨ᠃ ᠡᠯ᠎ᠠ ᠬᠠᠷᠢᠭᠤᠴᠠᠯᠭᠠᠳ᠋ᠠᠨ ᠰᠠᠯᠠᠭ᠎ᠠ ᠮᠦ᠋ᠴᠢᠷ ᠤᠨ ᠬᠢᠨ ᠮᠠᠯᠵᠢᠬᠤ ᠲᠠᠷᠢᠶᠠᠯᠠᠬᠤ ᠤᠷᠤᠨ ᠤ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠨ᠂ ᠬᠠᠷᠢᠭᠤᠴᠠᠯᠭ᠎ᠠ ᠪᠠᠨ ᠲᠤᠳ᠋ᠤᠷᠬᠠᠢ᠌ᠯᠠᠵᠤ᠂ ᠪᠠᠷᠢᠯᠭ᠎ᠠ ᠶᠢᠨ ᠪᠦᠳ᠋ᠦᠭᠡᠨ ᠪᠠᠢ᠌ᠭᠤᠯᠤᠯᠳ᠋ᠠ ᠶᠢ ᠲᠦ᠋ᠷᠭᠡᠳᠭᠡᠬᠦ ᠬᠡᠷᠡᠭ᠍ᠳ᠋ᠠᠢ ᠵᠢᠯᠤᠭᠤᠳ᠋ᠤᠯᠭ᠎ᠠ ᠪᠠᠨ ᠴᠢᠩᠭ᠋ᠠᠳᠬᠠᠨ᠂ ᠪᠠᠷᠢᠯᠭ᠎ᠠ ᠶᠢᠨ ᠴᠢᠨᠠᠷ ᠴᠢᠨᠰᠠᠭ᠎ᠠ ᠪᠠ ᠠᠮᠤᠷ ᠲᠦ᠋ᠪᠰᠢᠨ ᠤ ᠪᠤᠭᠤᠮᠳ᠋ᠠ ᠶᠢ ᠴᠢᠩᠭ᠎ᠠ ᠠᠳᠬᠤᠵᠤ᠂ ᠵᠤᠷᠯᠤᠩ ᠢ ᠵᠠᠰᠠᠨ ᠰᠠᠢ᠌ᠵᠢᠷᠠᠭᠤᠯᠬᠤ ᠶᠢ ᠵᠢᠱᠢᠭ᠍ᠰᠡᠨ ᠦᠷ᠎ᠠ ᠪᠦᠳ᠋ᠦᠮᠵᠢ ᠳᠤ ᠬᠦᠷᠦᠭᠦᠯᠬᠦ ᠶᠢ ᠦᠨᠡᠨᠬᠦ ᠪᠠᠳ᠋ᠤᠯᠠᠬᠤ ᠬᠡᠷᠡᠭ᠍ᠳ᠋ᠠᠢ ᠨᠠᠢ᠌ᠳ᠋ᠠᠪᠤᠷᠢᠵᠢᠭᠤᠯᠵᠤ ᠵᠠᠰᠠᠨ ᠰᠠᠢ᠌ᠵᠢᠷᠠᠭᠤᠯᠬᠤ ᠶᠢ ᠰᠠᠢ᠌ᠳ᠋ᠤᠷ ᠠᠳᠬᠤᠨ᠂ ᠦᠨᠳ᠋ᠦᠷ ᠪᠠᠷᠢᠮᠵᠢᠶ᠎ᠠ᠂ ᠴᠢᠨᠠᠷ ᠰᠠᠢ᠌ᠳ᠋ᠠᠢ ᠪᠠᠷ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠢ ᠪᠡᠶᠡᠯᠡᠭᠦᠯᠬᠦ ᠶᠢ ᠪᠠᠳ᠋ᠤᠯᠠᠵᠤ᠂ ᠰᠠᠢ᠌ᠨ ᠠᠵᠢᠯ ᠪᠤᠳ᠋ᠠᠳ᠋ᠤ ᠠᠵᠢᠯ ᠢ ᠰᠠᠢ᠌ᠳ᠋ᠤᠷ ᠪᠤᠳ᠋ᠠᠳ᠋ᠠᠢ ᠬᠢᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠰᠠᠭᠤᠴᠠ ᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠦᠷᠭᠦᠯᠵᠢᠯᠡᠨ ᠰᠠᠢ᠌ᠵᠢᠷᠠᠬᠤ ᠶᠢ ᠪᠡᠶᠡᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)