ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ

     8 ᠰᠠᠷ᠎ᠠ ᠶᠢᠨ 5 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠰᠢ ᠵᠢᠨ ᠫᠢᠩ ᠤᠨ ᠴᠡᠷᠢᠭ᠌ ᠢ ᠬᠦᠴᠦᠷᠭᠡᠭ᠍ᠵᠢᠭᠦᠯᠬᠦ ᠦᠵᠡᠯ ᠰᠠᠨᠠᠭ᠎ᠠ ᠪᠠ ᠨᠢᠭᠤᠴᠠ ᠶᠢ ᠬᠠᠮᠠᠭᠠᠯᠠᠬᠤ ᠮᠡᠳ᠋ᠡᠯᠭᠡ ᠶᠢ ᠲᠦ᠋ᠪᠯᠡᠷᠡᠭᠦᠯᠦᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠵᠠᠩ ᠴᠦ᠋ᠨ ᠡᠾᠦ᠋ᠢ ᠬᠤᠷᠠᠯ ᠳᠤ ᠰᠠᠭᠠᠳ᠋ᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃

       
            ᠬᠤᠷᠠᠯ ᠲᠡᠭᠡᠷ᠎ᠠ᠂ ᠯᠢ ᠴᠸᠩ ᠭᠦᠸᠸ ᠤᠯᠠᠨ ᠢ ᠲᠠᠭᠠᠭᠤᠯᠤᠨ ᠰᠢ ᠵᠢᠨ ᠫᠢᠩ ᠤᠨ ᠴᠡᠷᠢᠭ᠌ ᠢ ᠬᠦᠴᠦᠷᠭᠡᠭ᠍ᠵᠢᠭᠦᠯᠬᠦ ᠦᠵᠡᠯ ᠰᠠᠨᠠᠭ᠎ᠠ ᠶᠢ ᠰᠤᠷᠤᠯᠴᠠᠭᠰᠠᠨ ᠪᠦᠭᠡᠳ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠯᠦ᠋ᠪᠸᠢ ᠪᠠᠯᠭᠠᠰᠤᠨ ᠤ ᠭᠤᠤᠯ ᠬᠤᠳ᠋ᠠ ᠲᠤᠭᠤᠷᠢᠭ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠢ ᠵᠠᠷᠯᠠᠯ ᠢ ᠤᠯᠠᠮᠵᠢᠯᠠᠪᠠ᠃ ᠬᠤᠷᠠᠯ ᠲᠡᠭᠡᠷ᠎ᠠ ᠨᠢᠭᠤᠴᠠ ᠶᠢ ᠬᠠᠮᠠᠭᠠᠯᠠᠬᠤ ᠮᠡᠳ᠋ᠡᠯᠭᠡ ᠶᠢᠨ ᠤᠬᠤᠷ ᠸᠢᠳᠢᠣ᠋ ᠶᠢ ᠲᠠᠯᠪᠢᠬᠤ᠂ ᠪᠤᠳ᠋ᠠᠳ᠋ᠠᠢ ᠬᠡᠷᠡᠭ᠌ ᠤᠨ ᠵᠢᠱᠢᠶ᠎ᠠ ᠶᠢ ᠲᠠᠢ᠌ᠯᠪᠤᠷᠢᠯᠠᠬᠤ ᠬᠡᠯᠪᠡᠷᠢ ᠪᠠᠷ ᠲᠠᠮᠵᠢᠨ᠂ ᠪᠦᠬᠦ ᠺᠠᠳ᠋ᠷᠴᠤᠳ ᠲᠤ ᠠᠵᠢᠯ ᠠᠮᠢᠳ᠋ᠤᠷᠠᠯ ᠤᠨ ᠲᠤᠮᠳ᠋ᠠ ᠠᠮᠠᠷᠬᠠᠨ ᠤᠮᠳ᠋ᠠᠭᠠᠢ᠌ᠯᠠᠬᠤ ᠨᠢᠭᠤᠴᠠ ᠶᠢ ᠬᠠᠮᠠᠭᠠᠯᠠᠬᠤ ᠠᠮᠤᠷ ᠲᠦ᠋ᠪᠰᠢᠨ ᠤ ᠲᠠᠯᠳ᠋ᠠ ᠭᠡᠮ ᠵᠢᠴᠢ  ᠵᠠᠷᠢᠮ ᠵᠢᠷᠤᠮᠵᠢᠭᠤᠨ ᠪᠤᠰᠤ ᠠᠵᠢᠯᠯᠠᠬᠠᠤ ᠵᠤᠷᠰᠢᠯ ᠡᠴᠡ ᠪᠤᠯᠵᠤ ᠨᠢᠭᠤᠴᠠ ᠶᠢ ᠠᠯᠳ᠋ᠠᠬᠤ᠂ ᠨᠢᠭᠤᠴᠠ ᠶᠢ ᠵᠠᠳ᠋ᠠᠷᠠᠭᠤᠯᠬᠤ ᠬᠡᠷᠡᠭ᠌ ᠢ ᠲᠡᠯᠭᠡᠨ ᠦᠵᠡᠭᠦᠯᠪᠡ᠃ 
            ᠬᠤᠷᠠᠯ ᠡᠴᠡ᠂ ᠪᠦᠬᠦ ᠺᠠᠳ᠋ᠷᠴᠤᠳ ᠰᠤᠷᠤᠯᠴᠠᠯᠭ᠎ᠠ ᠪᠠᠨ ᠴᠢᠩᠭ᠋ᠠᠳᠬᠠᠨ᠂ ᠲᠠᠨᠢᠯᠳ᠋ᠠ ᠪᠠᠨ ᠲᠡᠭᠡᠭ᠍ᠰᠢᠯᠡᠭᠦᠯᠵᠦ᠂ ᠲᠡᠭᠡᠳ᠋ᠦ ᠬᠡᠮᠵᠢᠶᠡᠨ ᠤ ᠬᠠᠷᠢᠭᠤᠴᠠᠯᠭᠠᠳ᠋ᠤ ᠰᠡᠳᠬᠢᠯᠭᠡ ᠪᠠᠷ ᠨᠢᠭᠤᠴᠠ ᠶᠢ ᠬᠠᠮᠠᠭᠠᠯᠠᠬᠤ ᠠᠵᠢᠯ ᠶᠢ ᠴᠢᠩᠭ᠋ᠠᠳᠬᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠬᠤᠰᠢᠭᠤᠨ ᠤ ᠭᠤᠤᠯᠳ᠋ᠠᠯᠭ᠎ᠠ ᠲᠡᠶ ᠠᠵᠢᠯ ᠢ ᠲᠦ᠋ᠯᠬᠢᠨ ᠠᠬᠢᠭᠤᠯᠬᠤ ᠠᠵᠢᠯ ᠤᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ