ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠬᠤᠰᠢᠭᠤᠨ ᠤ ᠭᠤᠤᠯᠳ᠋ᠠᠯᠭ᠎ᠠ ᠲᠡᠶ ᠠᠵᠢᠯ ᠢ ᠲᠦ᠋ᠯᠬᠢᠨ ᠠᠬᠢᠭᠤᠯᠬᠤ ᠠᠵᠢᠯ ᠤᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ

8 ᠰᠠᠷ᠎ᠠ ᠶᠢᠨ 9 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠢ᠌ᠷ᠎ᠠ ᠶᠢᠨ ᠬᠤᠭᠤᠴᠠᠭᠠᠨ ᠤ ᠴᠢᠬᠤᠯᠠ ᠰᠢ᠌ᠳᠪᠦᠷᠢᠳ᠋ᠦ ᠪᠤᠳ᠋ᠤᠯᠭ᠎ᠠ ᠶᠢᠨ ᠪᠠᠢ᠌ᠷᠢᠯᠠᠭᠤᠯᠤᠯᠳ᠋ᠠ ᠪᠠ ᠠᠵᠢᠯ ᠤᠨ ᠱᠠᠭᠠᠷᠳ᠋ᠠᠯᠭ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠱᠦ᠋ᠵᠢ ᠱᠤᠤ ᠶᠠᠨ ᠵᠢᠶᠦ᠋ᠨ ᠤ ᠪᠦᠬᠦ ᠬᠤᠰᠢᠭᠤᠨ ᠤ ᠭᠤᠤᠯᠳ᠋ᠠᠯᠭ᠎ᠠ ᠲᠡᠶ ᠠᠵᠢᠯ ᠢ ᠲᠦ᠋ᠯᠬᠢᠨ ᠠᠬᠢᠭᠤᠯᠬᠤ ᠬᠤᠷᠠᠯ ᠲᠡᠭᠡᠷᠡᠬᠢ ᠶᠠᠷᠢᠶ᠎ᠠ ᠶᠢ ᠤᠯᠠᠮᠵᠢᠯᠡᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠬᠤᠷᠠᠯ ᠳᠤ ᠰᠠᠭᠠᠳ᠋ᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠪᠡ᠃
ᠯᠢ ᠴᠸᠩ ᠭᠦᠸᠸ ᠡᠴᠡ᠂ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ 《ᠬᠤᠶᠠᠷ ᠬᠠᠯᠬᠠᠪᠴᠢ》 《ᠬᠤᠶᠠᠷ ᠰᠠᠭᠤᠷᠢᠨ》 《ᠨᠢᠭᠡ ᠪᠠᠬᠢᠯᠡᠯᠳ᠋ᠡ》 ᠶᠢᠨ ᠪᠠᠢ᠌ᠯᠳ᠋ᠤᠬᠤ ᠪᠤᠳ᠋ᠤᠯᠭ᠎ᠠ ᠶᠢᠨ ᠪᠠᠢ᠌ᠷᠢ ᠲᠤᠭᠳ᠋ᠠᠭᠠᠯᠳ᠋ᠠ ᠶᠢ ᠭᠦᠨᠵᠡᠭᠡᠢ ᠲᠠᠨᠢᠵᠤ᠂ ᠲᠡᠭᠡᠳ᠋ᠦ ᠬᠡᠮᠵᠢᠶᠡᠨ ᠤ ᠤᠯᠤᠰ ᠲᠦ᠋ᠷᠦ ᠶᠢᠨ ᠬᠠᠷᠢᠭᠤᠴᠠᠯᠭᠠᠳ᠋ᠤ ᠰᠡᠳᠭᠢᠯᠭᠡ ᠪᠠ ᠲᠡᠦᠬᠡᠨ ᠡᠭᠦᠷᠭᠡᠳ᠋ᠦ ᠰᠡᠳᠭᠢᠯᠭᠡ ᠪᠠᠷ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠯ᠎ᠠ ᠲᠦ᠋ᠷᠦᠯ ᠤᠨ ᠠᠵᠢᠯ ᠢ ᠰᠠᠢ᠌ᠳ᠋ᠤᠷ ᠬᠢᠬᠦ ᠬᠡᠷᠡᠭ᠍ᠳ᠋ᠠᠢ︔ ᠦᠨᠳ᠋ᠦᠰᠦᠨ ᠬᠠᠦᠯᠢ ᠬᠠᠦᠯᠢ ᠴᠠᠭᠠᠵᠠ ᠪᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠬᠠᠢ᠌ᠯᠠᠭᠰᠠᠨ ᠠᠵᠢᠯ ᠤᠨ ᠮᠡᠳ᠋ᠡᠯᠭᠡ ᠶᠢᠨ ᠰᠤᠷᠤᠯᠴᠠᠯᠭ᠎ᠠ ᠶᠢ ᠴᠢᠩᠭ᠋ᠠᠳᠬᠠᠵᠤ᠂ ᠬᠠᠦᠯᠢ ᠪᠠᠷ ᠲᠤᠭᠳ᠋ᠠᠭᠠᠬᠰᠠᠨ ᠡᠷᠬᠡ ᠮᠡᠳ᠋ᠡᠯ᠂ ᠲᠦ᠋ᠷᠢᠮ ᠲᠤᠭᠳ᠋ᠠᠭᠠᠯ᠂ ᠲᠡᠰ ᠲᠠᠷᠠᠭᠠᠯᠠᠯ ᠶᠢᠡᠷ ᠡᠷᠭᠡ ᠪᠠᠨ ᠬᠡᠷᠡᠭ᠍ᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠦᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠᠨ ᠲᠠᠰᠤᠷᠠᠯᠳ᠋ᠠ ᠦᠭᠡᠶ ᠲᠡᠭᠡᠭ᠍ᠰᠢᠯᠡᠭᠦᠯᠬᠦ ᠶᠢᠨ ᠬᠠᠮᠳ᠋ᠤ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳ᠋ᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠱᠠᠭᠠᠷᠳ᠋ᠠᠯᠭ᠎ᠠ ᠶᠤᠰᠤᠭᠠᠷ᠂ ᠤᠷᠢᠳᠴᠢᠯᠡᠨ ᠲᠦ᠋ᠯᠦᠪᠵᠢᠭᠦᠯᠵᠦ᠂ ᠨᠠᠷᠢᠨ ᠬᠢᠨᠠᠮᠠᠭᠠᠢ ᠰᠤᠳ᠋ᠤᠯᠤᠨ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)