ᠤᠳᠤ ᠶᠢᠨ ᠪᠠᠢ᠌ᠷᠢ᠄ ᠴᠢᠬᠤᠯᠠ ᠮᠡᠳᠡᠭᠡ → ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ᠁
ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠶᠢᠨ ᠬᠤᠷᠠᠯ ᠤᠨ ᠭᠡᠰᠢᠭᠦᠳ ᠵᠠᠷᠤᠳ ᠬᠤᠰᠢᠭᠤᠨ ᠤ ᠴᠢᠬᠤᠯᠠ ᠶᠡᠬᠡ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠲᠤᠭᠳ᠋ᠠᠮᠠᠯ ᠬᠦᠷᠦᠩᠭᠡ ᠶᠢᠨ ᠪᠡᠯᠡ ᠤᠷᠤᠭᠤᠯᠤᠯᠳ᠋ᠠ ᠶᠢᠨ ᠪᠠᠢ᠌ᠳ᠋ᠠᠯ ᠢ ᠬᠠᠮᠳ᠋ᠤᠪᠠᠷ ᠲᠤᠭᠤᠷᠢᠨ ᠪᠠᠢ᠌ᠴᠠᠭᠠᠪᠠ

       
        8 ᠰᠠᠷ᠎ᠠ ᠶᠢᠨ 11 ᠤ ᠡᠳ᠋ᠦᠷ ᠤᠨ ᠦᠳ᠋ᠡ ᠶᠢᠨ ᠡᠮᠦᠨ᠎ᠠ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠵᠢᠢ ᠴᠢᠶᠠᠩ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠶᠢᠨ ᠬᠤᠷᠠᠯ ᠤᠨ ᠭᠡᠰᠢᠭᠦᠳ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠤᠨ ᠡᠷᠬᠢᠯᠡᠭ᠍ᠴᠢ᠂ ᠬᠤᠰᠢᠭᠤ ᠰᠢᠶᠠᠨ ᠬᠤᠳ᠋ᠠ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠤᠤᠯ ᠬᠠᠷᠢᠭᠤᠴᠠᠯᠭᠠᠳ᠋ᠠᠨ ᠨᠦ᠋ᠬᠦᠳ ᠢ ᠲᠠᠭᠠᠭᠤᠯᠤᠨ ᠵᠠᠷᠤᠳ ᠬᠤᠰᠢᠭᠤᠨ ᠳᠤ ᠢᠷᠡᠵᠦ᠂ ᠵᠢᠯ ᠤᠨ ᠡᠬᠢᠨ ᠡᠴᠡ ᠨᠠᠭᠠᠰᠢᠬᠢ ᠴᠢᠬᠤᠯᠠ ᠶᠡᠬᠡ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠲᠤᠭᠳ᠋ᠠᠮᠠᠯ ᠬᠦᠷᠦᠩᠭᠡ ᠶᠢᠨ ᠪᠡᠯᠡ ᠤᠷᠤᠭᠤᠯᠤᠯᠳ᠋ᠠ ᠶᠢ ᠪᠡᠶᠡᠯᠡᠭᠦᠯᠦᠭ᠍ᠰᠡᠨ ᠪᠠᠢ᠌ᠳ᠋ᠠᠯ ᠢ ᠬᠠᠮᠳ᠋ᠤᠪᠠᠷ ᠲᠤᠭᠤᠷᠢᠨ ᠪᠠᠢ᠌ᠴᠠᠭᠠᠪᠠ᠃

         
            ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠦᠪᠦᠷ ᠮᠤᠩᠭ᠋ᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳ᠋ᠤ ᠺᠤᠮᠫᠠᠨᠢ ᠶᠢᠨ 30 ᠲᠦ᠋ᠮᠡᠨ ᠲᠤᠨ ᠨᠡᠭᠦᠷᠡᠰᠦ ᠪᠠᠷ ᠬᠤᠶᠠᠷᠴᠢ ᠠᠯᠺᠤᠤᠯ ᠢ ᠦᠢᠯᠡᠳᠬᠦ ᠠᠮᠢᠯᠠᠭᠤᠯᠬᠤ ᠲᠦ᠋ᠷᠦᠯ ᠵᠦ᠋ᠢᠯ᠂ ᠦᠪᠦᠷ ᠮᠤᠩᠭ᠋ᠤᠯ ᠤᠨ ᠴᠸᠩ ᠷᠦ᠋ᠨ ᠡᠨᠧᠷᠭᠢ ᠶᠢᠨ ᠰᠢᠨᠵᠢᠯᠡᠬᠦ ᠤᠬᠠᠭᠠᠨ ᠲᠸᠭ᠍ᠨᠢᠭ᠌ ᠮᠡᠷᠭᠡᠵᠢᠯ ᠤᠨ ᠬᠢᠵᠠᠭᠠᠷᠳ᠋ᠤ ᠺᠤᠮᠫᠠᠨᠢ ᠶᠢᠨ ᠲᠠᠬᠢᠯᠳ᠋ᠡ ᠡᠬᠢ ᠪᠠᠶᠠᠯᠢᠭ ᠢ ᠬᠤᠷᠢᠶᠠᠨ ᠠᠪᠴᠦ ᠠᠰᠢᠭᠯᠠᠬᠤ ᠶᠢ ᠦᠷᠭᠦᠯᠵᠢᠯᠡᠨ ᠪᠠᠢ᠌ᠭᠤᠯᠬᠤ ᠲᠦ᠋ᠷᠦᠯ ᠵᠦ᠋ᠢᠯ᠂ ᠦᠪᠦᠷ ᠮᠤᠩᠭ᠋ᠤᠯ ᠤᠨ ᠡᠾᠦ᠋ᠢ ᠴᠸᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳ᠋ᠤ ᠺᠤᠮᠫᠠᠨᠢ ᠶᠢᠨ 10 ᠲᠦ᠋ᠮᠡᠨ ᠲᠤᠨ ᠡᠷᠳ᠋ᠡᠨᠢ ᠰᠢᠰᠢ ᠵᠢᠴᠢ ᠡᠯᠳ᠋ᠡᠪ ᠠᠮᠤ ᠶᠢ ᠨᠠᠷᠢᠯᠢᠭ ᠡᠳ᠋ᠰᠢᠭᠦᠯᠬᠦ ᠰᠢᠨ᠎ᠠ ᠪᠠᠷ ᠪᠠᠢ᠌ᠭᠤᠯᠬᠤ ᠲᠦ᠋ᠷᠦᠯ ᠵᠦ᠋ᠢᠯ ᠢ ᠲᠤᠭᠤᠷᠢᠨ ᠪᠠᠢ᠌ᠴᠠᠭᠠᠵᠤ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠵᠢᠯ ᠤᠨ ᠡᠬᠢᠨ ᠡᠴᠡ ᠨᠠᠭᠠᠰᠢᠬᠢ ᠵᠠᠷᠤᠳ ᠬᠤᠰᠢᠭᠤᠨ ᠤ ᠴᠢᠬᠤᠯᠠ ᠶᠡᠬᠡ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠲᠤᠭᠳ᠋ᠠᠮᠠᠯ ᠬᠦᠷᠦᠩᠭᠡ ᠶᠢᠨ ᠪᠡᠯᠡ ᠤᠷᠤᠭᠤᠯᠤᠯᠳ᠋ᠠ ᠶᠢ ᠪᠡᠶᠡᠯᠡᠭᠦᠯᠦᠭ᠍ᠰᠡᠨ ᠪᠠᠢ᠌ᠳ᠋ᠠᠯ ᠵᠢᠴᠢ ᠤᠷᠤᠰᠢᠵᠦ ᠪᠠᠢ᠌ᠬᠤ ᠬᠦᠴᠢᠷᠳ᠋ᠡᠯ ᠢ ᠨᠠᠷᠢᠯᠢᠭ ᠤᠢ᠌ᠯᠠᠭᠠᠪᠠ᠃

        


        
             ᠬᠤᠰᠢᠭᠤᠨ ᠤ ᠤᠳ᠋ᠤᠷᠢᠳ᠋ᠤᠯᠭ᠎ᠠ ᠡᠦ ᠴᠢᠩ ᠬᠠᠢ᠂ ᠯᠢᠦ ᠶᠤᠤ᠂ ᠪᠠᠢ ᠶᠠᠨ ᠰᠢᠦᠸᠠᠢ᠂ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠬᠡᠰᠡᠭ᠌ ᠤᠷᠤᠨ ᠬᠤᠳ᠋ᠠ ᠬᠤᠰᠢᠭᠤ ᠭᠤᠷᠪᠠᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠵᠤ ᠲᠤᠭᠤᠷᠢᠨ ᠪᠠᠢ᠌ᠴᠠᠭᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠦᠯᠢ》 ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ