ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠦᠯᠢ》 ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ
8 ᠰᠠᠷ᠎ᠠ ᠶᠢᠨ 14 ᠤ ᠡᠳ᠋ᠦᠷ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠦᠯᠢ》 ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠼᠦ᠋ᠢ ᠯᠸᠢ ᠯᠸᠢ ᠵᠢᠴᠢ ᠬᠡᠰᠡᠭ᠌ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠯᠢᠦ ᠶᠤᠤ ᠪᠤᠯᠤᠨ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠪᠠ᠃

ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠲᠤᠯᠤᠳ᠋ᠤ ᠰᠤᠮᠤ ᠶᠢᠨ ᠡᠷᠭᠡᠳ᠋ᠦ ᠭᠠᠴᠠᠭᠠᠨ ᠤ ᠤᠳ᠋ᠤᠬᠢᠴᠢᠯᠠᠭᠰᠠᠨ ᠲᠠᠯ᠎ᠠ ᠨᠤᠳ᠋ᠤᠭ ᠤᠨ ᠠᠮᠢ ᠠᠬᠤᠢ ᠶᠢᠨ ᠮᠠᠯᠵᠢᠯ ᠤᠨ ᠲᠠᠯᠠᠪᠠᠢ᠂ ᠲᠤᠯᠤᠳ᠋ᠤ ᠰᠤᠮᠤ ᠶᠢᠨ ᠡᠪᠡᠰᠦᠨ ᠦᠷ᠎ᠠ ᠦᠷᠭᠡᠳᠭᠡᠬᠦ ᠰᠠᠭᠤᠷᠢᠨ ᠭᠠᠵᠠᠷ᠂ ᠯᠦ᠋ᠪᠸᠢ ᠪᠠᠯᠭᠠᠰᠤᠨ ᠤ ᠭᠠᠮᠰᠢᠭ ᠢ ᠰᠡᠷᠭᠡᠢ᠌ᠯᠡᠨ ᠭᠠᠮᠰᠢᠭ ᠢ ᠪᠠᠭᠠᠰᠬᠠᠬᠤ ᠡᠪᠡᠰᠦ ᠪᠤᠷᠳ᠋ᠤᠭ᠎ᠠ ᠨᠦ᠋ᠭᠡᠴᠡᠯᠡᠨ ᠲᠡᠭᠡᠭᠡᠪᠦᠷᠢᠯᠡᠬᠦ ᠰᠢᠰᠲ᠋ᠸᠮ ᠤᠨ ᠪᠦᠳ᠋ᠦᠭᠡᠨ ᠪᠠᠢ᠌ᠭᠤᠯᠤᠯᠳ᠋ᠠ ᠶᠢᠨ ᠭᠠᠵᠠᠷ᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠲᠠᠪᠤᠳ᠋ᠤᠭᠠᠷ ᠬᠤᠪᠢᠶᠠᠷᠢ ᠲᠠᠯᠠᠪᠠᠢ ᠶᠢᠨ ᠬᠤᠨᠢ ᠪᠤᠷᠳ᠋ᠤᠨ ᠲᠠᠷᠭᠤᠯᠠᠭᠤᠯᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ ᠰᠠᠨᠠᠯ ᠶᠢᠡᠨ ᠰᠤᠯᠢᠯᠴᠠᠬᠤ ᠵᠡᠷᠭᠡ ᠬᠡᠯᠪᠡᠷᠢ ᠪᠠᠷ ᠲᠠᠮᠵᠢᠨ᠂ ᠪᠦᠬᠦ ᠬᠤᠰᠢᠭᠤᠨ ᠤ ᠮᠠᠯ ᠵᠢᠭᠦᠷᠳ᠋ᠡᠨ ᠤ ᠤᠳ᠋ᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳ᠋ᠠ᠂ ᠮᠠᠯ ᠵᠢᠭᠦᠷᠳ᠋ᠡᠨ ᠤ ᠦᠢᠯᠡᠳᠭᠦᠨ ᠤ ᠶᠠᠰᠤ ᠴᠢᠨᠠᠷ ᠤᠨ ᠠᠮᠤᠷ ᠲᠦ᠋ᠪᠰᠢᠨ ᠬᠢᠭᠡᠳ ᠠᠵᠤ ᠦᠢᠯᠡᠰ ᠤᠨ ᠬᠦᠭ᠍ᠵᠢᠯᠳ᠋ᠡ᠂ ᠮᠠᠯ ᠵᠢᠭᠦᠷᠳ᠋ᠡᠨ ᠤ ᠪᠠᠭᠠᠰᠤᠨ ᠪᠤᠬᠢᠷᠳ᠋ᠤᠯ ᠢ ᠡᠬᠢ ᠪᠠᠶᠠᠯᠢᠭᠵᠢᠭᠤᠯᠤᠨ ᠠᠰᠢᠭᠯᠠᠬᠤ᠂ ᠠᠮᠢᠳ᠋ᠠᠨ ᠤ ᠬᠢᠵᠢᠭ᠌ ᠢ ᠰᠡᠷᠭᠡᠢ᠌ᠯᠡᠬᠦ ᠪᠠᠢ᠌ᠴᠠᠭᠠᠨ ᠬᠡᠮᠵᠢᠬᠦ ᠰᠢᠰᠲ᠋ᠸᠮ ᠤᠨ ᠪᠠᠢ᠌ᠭᠤᠯᠤᠯᠳ᠋ᠠ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ ᠠᠰᠠᠭᠤᠳ᠋ᠠᠯ ᠶᠢᠡᠷ ᠤᠳ᠋ᠤᠷᠢᠳ᠋ᠤᠮᠵᠢ ᠪᠤᠯᠭᠠᠬᠤ ᠶᠢ ᠪᠠᠷᠢᠮᠳ᠋ᠠᠯᠠᠵᠤ᠂ ᠤᠷᠤᠰᠢᠵᠤ ᠪᠠᠢ᠌ᠬᠤ ᠲᠤᠪᠤᠢ᠌ᠮ᠎ᠠ ᠠᠰᠠᠭᠤᠳ᠋ᠠᠯ ᠪᠠ ᠲᠤᠳ᠋ᠠᠭᠳ᠋ᠠᠯ ᠢ ᠲᠤᠳ᠋ᠤᠷᠬᠠᠢ ᠵᠢᠭᠠᠨ ᠭᠠᠷᠭᠠᠵᠤ᠂ ᠬᠠᠨᠳ᠋ᠤᠯᠭᠠᠳ᠋ᠤ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃
ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠡᠴᠡ᠂ ᠵᠠᠰᠠᠭ ᠤᠨ ᠤᠷᠳ᠋ᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠢᠨ ᠮᠠᠯ ᠠᠵᠤ ᠠᠬᠤᠢ ᠶᠢᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠪᠡᠶᠡᠯᠡᠭᠦᠯᠬᠦ ᠶᠢ ᠬᠠᠦᠯᠢ ᠶᠤᠰᠤᠭᠠᠷ ᠠᠬᠢᠭᠤᠯᠤᠨ᠂ ᠮᠠᠯ ᠵᠢᠭᠦᠷᠳ᠋ᠡᠨ ᠤ ᠤᠳ᠋ᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳ᠋ᠠ ᠶᠢ ᠰᠠᠢ᠌ᠳ᠋ᠤᠷ ᠠᠳᠬᠤᠵᠤ᠂ ᠠᠮᠢᠳ᠋ᠠᠨ ᠤ ᠬᠢᠵᠢᠭ᠌ ᠢ ᠰᠡᠷᠭᠡᠢ᠌ᠯᠡᠬᠦ ᠰᠢᠰᠲ᠋ᠸᠮ ᠵᠡᠷᠭᠡ ᠰᠠᠭᠤᠷᠢ ᠲᠦ᠋ᠭᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ ᠶᠢ ᠴᠢᠩᠭ᠋ᠠᠳᠬᠠᠨ᠂ ᠵᠠᠬ᠎ᠠ ᠲᠡᠯᠭᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠳ᠋ᠠ ᠶᠢᠨ ᠦᠢᠯᠡᠳ᠋ᠦᠯ ᠢ ᠪᠠᠳ᠋ᠠᠷᠠᠭᠤᠯᠵᠤ᠂ ᠮᠠᠯ ᠤᠨ ᠠᠰᠢᠭ ᠰᠢᠮ᠎ᠠ ᠶᠢᠨ ᠪᠦᠳ᠋ᠦᠭᠡᠭ᠍ᠳ᠋ᠡᠭᠦᠨ ᠤ ᠶᠠᠰᠤ ᠴᠢᠨᠠᠷ ᠤᠨ ᠠᠮᠤᠷ ᠲᠦ᠋ᠪᠰᠢᠨ ᠢ ᠲᠡᠭᠡᠭ᠍ᠰᠢᠯᠡᠭᠦᠯᠬᠦ ᠬᠡᠷᠡᠭ᠍ᠳ᠋ᠠᠢ︔ ᠠᠮᠢᠳ᠋ᠠᠨ ᠤ ᠬᠦᠨᠳ᠋ᠦ ᠶᠡᠬᠡ ᠬᠢᠵᠢᠭ᠌ ᠡᠪᠡᠳᠴᠢᠨ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠵᠦ᠂ ᠮᠠᠯ ᠠᠵᠤ ᠠᠬᠤᠢ ᠶᠢᠨ ᠲᠤᠭᠳ᠋ᠠᠭᠤᠨ ᠪᠦᠭᠡᠳ ᠡᠷᠡᠭᠦᠯ ᠶᠢᠡᠷ ᠬᠦᠭ᠍ᠵᠢᠬᠦ ᠶᠢ ᠦᠷᠭᠦᠯᠵᠢᠯᠡᠨ ᠠᠬᠢᠭᠤᠯᠬᠤ ᠬᠡᠷᠡᠭ᠍ᠳ᠋ᠠᠢ︔ ᠮᠠᠯ ᠠᠵᠤ ᠠᠬᠤᠢ ᠶᠢᠨ ᠬᠠᠦᠯᠢ᠂ ᠠᠮᠢᠳ᠋ᠠᠨ ᠤ ᠬᠢᠵᠢᠭ᠌ ᠢ ᠰᠡᠷᠭᠡᠢ᠌ᠯᠡᠬᠦ ᠬᠠᠦᠯᠢ ᠵᠡᠷᠭᠡ ᠬᠤᠯᠪᠤᠭᠳ᠋ᠠᠯ ᠪᠦᠬᠦᠢ ᠬᠠᠦᠯᠢ ᠴᠠᠭᠠᠵᠠ ᠬᠠᠦᠯᠢ ᠲᠤᠭᠳ᠋ᠠᠭᠠᠯ ᠢ ᠴᠢᠩᠭ᠎ᠠ ᠲᠤᠭᠤᠰᠢᠯᠠᠭᠤᠯᠤᠨ ᠬᠡᠷᠡᠭ᠍ᠵᠢᠭᠦᠯᠵᠦ᠂ ᠬᠠᠦᠯᠢ ᠴᠠᠭᠠᠵᠠ ᠶᠢᠨ ᠲᠦ᠋ᠷᠢᠮ ᠤᠨ ᠰᠢᠰᠲ᠋ᠸᠮ ᠢ ᠪᠦᠷᠢᠨᠰᠢᠭᠦᠯᠦᠨ᠂ ᠤᠳ᠋ᠤ ᠦᠶ᠎ᠠ ᠶᠢᠨ ᠮᠠᠯ ᠠᠵᠤ ᠠᠬᠤᠢ ᠳᠤ ᠬᠠᠦᠯᠢ ᠪᠠᠷ ᠵᠠᠰᠠᠬᠤ ᠪᠠᠳ᠋ᠤᠯᠠᠭ᠎ᠠ ᠬᠠᠩᠭ᠋ᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)