ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠡᠷᠦᠭᠡ ᠶᠢᠨ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠤᠨ ᠠᠬᠢᠴᠠ ᠶᠢᠨ ᠪᠠᠢ᠌ᠳ᠋ᠠᠯ ᠢ ᠬᠢᠨᠠᠨ ᠵᠢᠯᠤᠭᠤᠳᠪᠠ

       
        8 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠡᠷᠦᠭᠡ ᠶᠢᠨ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠤᠨ ᠠᠬᠢᠴᠠ ᠶᠢᠨ ᠪᠠᠢ᠌ᠳ᠋ᠠᠯ ᠢ ᠬᠢᠨᠠᠨ ᠵᠢᠯᠤᠭᠤᠳᠪᠠ᠃ 

        
        ᠡᠦ ᠴᠢᠩ ᠬᠠᠢ ᠤᠷᠢᠳ ᠬᠤᠵᠢᠳ ᠪᠠᠶᠠᠷᠳ᠋ᠤᠬᠤᠰᠢᠭᠤ ᠭᠠᠴᠠᠭ᠎ᠠ᠂ ᠬᠤᠪᠤᠯᠳ᠋ᠤ ᠭᠠᠴᠠᠭ᠎ᠠ ᠵᠡᠷᠭᠡ ᠭᠠᠵᠠᠷ ᠲᠤ ᠬᠦᠷᠴᠦ᠂ ᠡᠷᠦᠬᠡ ᠶᠢᠨ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠤᠨ ᠠᠬᠢᠴᠠ ᠶᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠵᠦ ᠤᠢ᠌ᠯᠠᠭᠠᠬᠤ ᠶᠢᠨ ᠬᠠᠮᠳ᠋ᠤ ᠪᠠᠯᠭᠠᠰᠤ ᠲᠤᠰᠬᠤᠨ ᠬᠤᠶᠠᠷ ᠱᠠᠳ᠋ᠤᠨ ᠤ ᠭᠤᠤᠯ ᠬᠠᠷᠢᠭᠤᠴᠠᠯᠭᠠᠳ᠋ᠠᠨ ᠨᠦ᠋ᠬᠦᠳ ᠲᠡᠶ ᠰᠠᠨᠠᠯ ᠶᠢᠡᠨ ᠰᠤᠯᠢᠯᠴᠠᠪᠠ᠃ ᠡᠦ ᠴᠢᠩ ᠬᠠᠢ ᠡᠴᠡ᠂ ᠪᠠᠶᠠᠷᠳ᠋ᠤᠬᠤᠰᠢᠭᠤ ᠪᠠᠯᠭᠠᠰᠤ ᠡᠯ᠎ᠠ ᠰᠠᠯᠠᠭ᠎ᠠ ᠮᠦ᠋ᠴᠢᠷ ᠤᠨ ᠬᠤᠭᠤᠷᠤᠨᠳ᠋ᠤᠬᠢ ᠰᠤᠯᠢᠯᠴᠠᠭ᠎ᠠ ᠪᠠ ᠵᠤᠬᠢᠴᠠᠭᠤᠯᠬᠤ ᠬᠦᠴᠦᠨ ᠢ ᠴᠢᠩᠭ᠋ᠠᠳᠬᠠᠨ᠂ ᠠᠵᠢᠯ ᠤᠨ ᠬᠤᠪᠢᠶᠠᠷᠯᠠᠯ ᠶᠢᠡᠨ ᠲᠤᠳ᠋ᠤᠷᠬᠠᠢ᠌ᠯᠠᠵᠦ᠂ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ᠂ ᠪᠦᠳ᠋ᠦᠭᠡᠭ᠍ᠳ᠋ᠡᠭᠦᠨ ᠢ ᠰᠢᠯᠭᠠᠨ ᠠᠪᠬᠤ᠂ ᠮᠡᠷᠭᠡᠵᠢᠯ ᠤᠨ ᠵᠢᠯᠤᠭᠤᠳ᠋ᠤᠯᠭ᠎ᠠ ᠬᠢᠬᠦ ᠵᠡᠷᠭᠡ ᠠᠵᠢᠯ ᠢ ᠰᠠᠢ᠌ᠳ᠋ᠤᠷ ᠬᠢᠬᠦ ᠬᠡᠷᠡᠭ᠍ᠳ᠋ᠠᠢ︔ ᠶᠠᠰᠤ ᠴᠢᠨᠠᠷ ᠢ ᠪᠠᠳ᠋ᠤᠯᠠᠭᠰᠠᠨ ᠰᠠᠭᠤᠷᠢᠨ ᠲᠡᠭᠡᠷ᠎ᠠ ᠠᠵᠢᠯ ᠤᠨ ᠠᠬᠢᠴᠠ ᠶᠢ ᠴᠢᠬᠤᠯᠠᠴᠢᠯᠡᠨ᠂ ᠤᠯᠠᠨ ᠲᠦ᠋ᠮᠡᠨ ᠳᠤ ᠬᠦᠯᠢᠴᠡᠩᠭᠦᠢ ᠪᠠᠷ ᠨᠠᠷᠢᠯᠢᠭ ᠲᠠᠢ᠌ᠯᠪᠤᠷᠢᠯᠠᠵᠦ᠂ ᠤᠯᠠᠨ ᠲᠦ᠋ᠮᠡᠨ ᠤ ᠠᠮᠢᠳ᠋ᠤᠷᠠᠯ ᠤᠨ ᠴᠢᠨᠠᠷ ᠴᠢᠨᠰᠠᠭ᠎ᠠ ᠪᠤᠯᠤᠨ ᠬᠠᠨᠤᠮᠵᠢ ᠶᠢᠨ ᠬᠡᠮᠵᠢᠶ᠎ᠠ ᠶᠢ ᠦᠨᠡᠨ ᠬᠦ ᠲᠡᠭᠡᠭ᠍ᠰᠢᠯᠡᠭᠦᠯᠦᠨ᠂ ᠡᠯ᠎ᠠ ᠵᠦ᠋ᠢᠯ ᠤᠨ ᠠᠵᠢᠯ ᠢ ᠴᠢᠨᠠᠷ ᠰᠠᠢ᠌ᠳ᠋ᠠᠢ ᠪᠡᠶᠡᠯᠡᠭᠦᠯᠬᠦ ᠶᠢ ᠦᠨᠡᠨ ᠬᠦ ᠪᠠᠳ᠋ᠤᠯᠠᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠦᠯᠢ》 ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ 《ᠨᠢᠭᠡ ᠬᠠᠦᠯᠢ ᠨᠢᠭᠡ ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ