ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ 《ᠨᠢᠭᠡ ᠬᠠᠦᠯᠢ ᠨᠢᠭᠡ ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ

       
        7 ᠰᠠᠷ᠎ᠠ ᠶᠢᠨ 28 ᠤ ᠡᠳ᠋ᠦᠷ ᠡᠴᠡ 8 ᠰᠠᠷ᠎ᠠ ᠶᠢᠨ 18 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ᠂ ᠪᠦᠬᠦ ᠬᠤᠰᠢᠭᠤᠨ ᠤ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳ᠋ᠡ ᠶᠢᠨ ᠬᠠᠦᠯᠢ》 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠰᠢᠨᠵᠢᠯᠡᠭᠡ ᠮᠡᠷᠭᠡᠵᠢᠯ ᠤᠨ ᠲᠠᠪᠰᠢᠯᠳ᠋ᠡ ᠶᠢᠨ ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠭᠦᠳ ᠪᠠᠷ᠎ᠠ ᠪᠤᠯᠪᠠ᠃

        
            ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠬᠤᠰᠢᠭᠤᠨ ᠤ ᠰᠢᠨᠵᠢᠯᠡᠭᠡ ᠮᠡᠷᠭᠡᠵᠢᠯ ᠤᠨ ᠤᠷᠳ᠋ᠤᠨ᠂ ᠭᠡᠷᠴᠢᠯᠠᠭᠤ ᠰᠤᠮᠤ ᠶᠢᠨ ᠮᠠᠩᠬᠠᠳ᠋ᠤ ᠭᠠᠴᠠᠭᠠᠨ ᠤ ᠰᠢᠨ ᠯᠢ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ᠂ ᠳ᠋ᠦ᠋ᠩ ᠶᠢᠩ ᠡᠮ ᠤᠨ ᠮᠠᠲ᠋ᠸᠷᠢᠶᠠᠯ ᠲᠠᠷᠢᠬᠤ ᠬᠢᠵᠠᠭᠠᠷᠳ᠋ᠤ ᠺᠤᠮᠫᠠᠨᠢ᠂ ᠦᠨᠡᠭᠡᠴᠢ ᠰᠤᠮᠤ ᠶᠢᠨ ᠵᠦ᠋ᠩ ᠶᠢᠩ ᠭᠡᠷ ᠪᠦᠯᠢ ᠶᠢᠨ ᠮᠠᠯᠵᠢᠯ ᠤᠨ ᠲᠠᠯᠠᠪᠠᠢ᠂ ᠯᠢᠦ ᠶᠦ᠋ᠸᠸ ᠭᠡᠷ ᠪᠦᠯᠢ ᠶᠢᠨ ᠮᠠᠯᠵᠢᠯ ᠤᠨ ᠲᠠᠯᠠᠪᠠᠢ᠂ ᠼᠠᠩ ᠱᠦ ᠡᠪᠡᠰᠦᠨ ᠡᠮ ᠤᠨ ᠮᠠᠲ᠋ᠸᠷᠢᠶᠠᠯ ᠲᠠᠷᠢᠬᠤ ᠲᠦ᠋ᠷᠦᠯ ᠵᠦ᠋ᠢᠯ᠂ ᠵᠢᠷᠦᠬᠡ ᠪᠠᠯᠭᠠᠰᠤᠨ ᠤ ᠪᠠᠢ ᠱᠦ᠋ᠨ ᠲᠡᠵᠢᠭᠡᠨ ᠦᠷᠡᠵᠢᠭᠦᠯᠬᠦ ᠬᠤᠷᠰᠢᠶᠠᠵᠢᠯ᠂ ᠰᠢᠶᠠᠩᠱᠠᠨ ᠪᠠᠯᠭᠠᠰᠤᠨ ᠤ ᠢᠦᠢ ᠳ᠋ᠠᠨ 9953 ᠡᠷᠳ᠋ᠡᠨᠢ ᠰᠢᠰᠢ ᠶᠢᠨ ᠲᠦ᠋ᠷᠦᠯ ᠵᠦ᠋ᠢᠯ᠂ ᠰᠢᠶᠠᠩᠱᠠᠨ ᠪᠠᠯᠭᠠᠰᠤᠨ ᠤ ᠳ᠋ᠠ ᠯᠢᠦ ᠱᠥ ᠲᠤᠰᠬᠤᠨ ᠤ ᠬᠠᠮᠳ᠋ᠤ ᠶᠢᠨ ᠭᠠᠯᠠᠭᠤ ᠲᠡᠵᠢᠭᠡᠬᠦ ᠰᠠᠭᠤᠷᠢᠨ ᠭᠠᠵᠠᠷ᠂ ᠯᠦ᠋ᠪᠸᠢ ᠪᠠᠯᠭᠠᠰᠤᠨ ᠤ ᠰᠢᠶᠤᠤ ᠡᠾᠸᠢ ᠱᠠᠨ ᠰᠦ᠋ ᠶᠢᠨ ᠦᠷᠳ᠋ᠡᠭᠡ᠂ ᠯᠦ᠋ᠪᠸᠢ ᠪᠠᠯᠭᠠᠰᠤᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠵᠢᠴᠢ ᠵᠠᠷᠤᠳ ᠬᠤᠰᠢᠭᠤᠨ ᠤ ᠬᠠᠢ ᠳ᠋ᠢ ᠯᠤᠤ ᠢᠳ᠋ᠡᠭᠡᠨ ᠤ ᠬᠢᠵᠠᠭᠠᠷᠳ᠋ᠤ ᠺᠤᠮᠫᠠᠨᠢ ᠵᠡᠷᠭᠡ ᠭᠠᠵᠠᠷ ᠲᠤ ᠭᠦᠨᠵᠡᠭᠡᠢ᠌ᠷᠡᠵᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ ᠰᠠᠨᠠᠯ ᠶᠢᠡᠨ ᠰᠤᠯᠢᠯᠴᠠᠬᠤ ᠵᠡᠷᠭᠡ ᠬᠡᠯᠪᠡᠷᠢ ᠪᠠᠷ ᠲᠠᠮᠵᠢᠨ᠂ ᠪᠠᠯᠭᠠᠰᠤ ᠲᠤᠰᠬᠤᠨ ᠤ ᠺᠠᠳ᠋ᠷ᠂ ᠬᠤᠷᠰᠢᠶᠠᠵᠢᠯ ᠤᠨ ᠬᠠᠷᠢᠭᠤᠴᠠᠯᠭᠠᠳ᠋ᠠᠨ᠂ ᠲᠡᠵᠢᠭᠡᠨ ᠦᠷᠡᠵᠢᠭᠦᠯᠬᠦ ᠡᠷᠦᠭᠡ ᠲᠡᠶ ᠬᠠᠮᠳ᠋ᠤ ᠰᠢᠨᠵᠢᠯᠡᠭᠡ ᠮᠡᠷᠭᠡᠵᠢᠯ ᠢ ᠬᠡᠷᠬᠢᠨ ᠲᠡᠭᠡᠭ᠍ᠰᠢᠯᠡᠭᠦᠯᠬᠦ ᠲᠤᠬᠠᠢ ᠨᠠᠷᠢᠯᠢᠭ ᠰᠤᠯᠢᠯᠴᠡᠨ ᠶᠠᠷᠢᠯᠴᠠᠬᠤ ᠶᠢᠨ ᠬᠠᠮᠳ᠋ᠤ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤ ᠬᠠᠷᠢᠭᠤ ᠮᠡᠳ᠋ᠡᠭᠦᠯᠦᠯᠳ᠋ᠡ ᠶᠢ ᠰᠤᠨᠤᠰᠪᠠ᠃ (ᠨᠠᠢ᠌ᠷᠠᠭᠤᠯᠤᠭᠴᠢ᠄ ᠯᠸᠢ ᠫᠠᠩ

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠡᠷᠦᠭᠡ ᠶᠢᠨ ᠵᠤᠷᠯᠤᠩ ᠢ ᠵᠠᠰᠠᠨ ᠰᠠᠢ᠌ᠵᠢᠷᠠᠭᠤᠯᠬᠤ ᠠᠵᠢᠯ ᠤᠨ ᠠᠬᠢᠴᠠ ᠶᠢᠨ ᠪᠠᠢ᠌ᠳ᠋ᠠᠯ ᠢ ᠬᠢᠨᠠᠨ ᠵᠢᠯᠤᠭᠤᠳᠪᠠ
ᠳᠠᠷᠠᠭᠠᠬᠢ᠄ ᠨᠢ᠋ᠮᠠᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠭᠤᠷᠢᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠪᠠ