ᠤᠳᠤ ᠶᠢᠨ ᠪᠠᠢ᠌ᠷᠢ᠄ ᠴᠢᠬᠤᠯᠠ ᠮᠡᠳᠡᠭᠡ → ᠨᠢ᠋ᠮᠠᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠨᠢ᠋ᠮᠠᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠭᠤᠷᠢᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠪᠠ

       8 ᠰᠠᠷ᠎ᠠ ᠶᠢᠨ 19 ᠤ ᠡᠳ᠋ᠦᠷ ᠡᠴᠡ 20 ᠤ ᠡᠳ᠋ᠦᠷ ᠪᠤᠯᠳ᠋ᠠᠯ᠎ᠠ᠂ ᠨᠢ᠋ᠮᠠᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠬᠠᠨ ᠹᠸᠩ ᠡᠦ ᠲᠤᠭᠤᠷᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠶᠢᠨ ᠪᠦᠳ᠋ᠦᠭᠡᠨ ᠪᠠᠢ᠌ᠭᠤᠯᠤᠯᠳ᠋ᠠ᠂ ᠭᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠪᠡᠬᠢᠵᠢᠭᠦᠯᠬᠦ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠲᠡᠷᠢᠭᠦᠨ ᠤ ᠠᠷᠭ᠎ᠠ ᠲᠤᠷᠰᠢᠯᠭ᠎ᠠ ᠶᠢ ᠲᠤᠭᠤᠷᠢᠨ ᠪᠠᠢ᠌ᠴᠠᠭᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠪᠠᠢ᠌ᠩᠭ᠋ᠤ ᠶᠢᠨ ᠬᠤᠷᠢᠶᠠᠨ ᠤ ᠬᠦᠳ᠋ᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠵᠦ᠋ᠪᠯᠡᠯ᠂ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃ 

       
             ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠡᠮᠦᠨ᠎ᠠ ᠪᠤᠯᠠᠭᠳ᠋ᠤ ᠮᠦ᠋ᠽᠸᠢ ᠶᠢᠨ ᠤᠷᠳ᠋ᠤᠨ᠂ ᠲᠦ᠋ᠩᠯᠢᠶᠤᠤ ᠬᠤᠳ᠋ᠠ ᠶᠢᠨ ᠬᠤᠢ᠌ᠳ᠋ᠤ ᠬᠡᠰᠡᠭ᠌ ᠤᠨ ᠵᠠᠭᠤᠨ ᠲᠦ᠋ᠮᠡᠨ ᠪᠠᠢ᠌ᠭᠠᠯᠯᠢᠭ ᠨᠤᠳ᠋ᠤᠭ ᠪᠡᠯᠴᠢᠭᠡᠷ ᠢ ᠪᠢᠳ᠋ᠡᠭᠦᠮᠵᠢᠯᠡᠨ ᠬᠠᠮᠠᠭᠠᠯᠠᠬᠤ ᠲᠤᠭᠤᠷᠢᠭ᠂ ᠵᠠᠷᠤᠳ ᠪᠠᠷ ᠵᠢᠷᠤᠭ ᠤᠨ ᠬᠦᠷᠢᠶᠡᠯᠡᠩ᠂ ᠪᠠᠶᠠᠨᠳ᠋ᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭ᠎ᠠ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠮᠠᠨ ᠤ ᠬᠤᠰᠢᠭᠤᠨ ᠤ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠪᠡᠬᠢᠵᠢᠭᠦᠯᠬᠦ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠵᠢᠴᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠲᠡᠷᠢᠭᠦᠨ ᠤ ᠠᠷᠭ᠎ᠠ ᠲᠤᠷᠰᠢᠯᠭ᠎ᠠ ᠶᠢ ᠨᠠᠷᠢᠯᠢᠭ ᠤᠢ᠌ᠯᠠᠭᠠᠬᠤ ᠶᠢᠨ ᠬᠠᠮᠳ᠋ᠤ ᠰᠠᠨᠠᠯ ᠶᠢᠡᠨ ᠭᠦᠨᠵᠡᠭᠡᠢ ᠰᠤᠯᠢᠯᠴᠠᠪᠠ᠃ 
            ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠮᠠᠨ ᠤ ᠬᠤᠰᠢᠭᠤᠨ ᠤ ᠡᠯ᠎ᠠ ᠲᠦ᠋ᠷᠦᠯ ᠤᠨ ᠠᠵᠢᠯ ᠤᠨ ᠤᠯᠤᠭᠰᠠᠨ ᠠᠮᠵᠢᠯᠳ᠋ᠡ ᠶᠢ ᠭᠦᠢᠴᠡᠳ ᠨᠤᠳ᠋ᠠᠯᠠᠭᠰᠠᠨ ᠮᠦ᠋ᠷᠳ᠋ᠡᠭᠡᠨ ᠲᠤᠭᠤᠷᠢᠨ ᠪᠠᠢ᠌ᠴᠠᠭᠠᠯᠳ᠋ᠠ ᠶᠢᠨ ᠤᠯᠤᠯᠳ᠋ᠠ ᠮᠠᠰᠢ ᠶᠡᠬᠡ ᠪᠠᠢ᠌ᠵᠤ᠂ ᠵᠠᠷᠤᠳ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠢ ᠠᠬᠢᠭᠤᠯᠬᠤ᠂ ᠠᠮᠢ ᠠᠬᠤᠢ ᠤᠷᠴᠢᠨ ᠲᠤᠭᠤᠷᠢᠨ ᠤ ᠡᠬᠢ ᠪᠠᠶᠠᠯᠢᠭ ᠤᠨ ᠬᠠᠮᠠᠭᠠᠯᠠᠯᠳ᠋ᠠ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠵᠡᠷᠭᠡ ᠲᠠᠯ᠎ᠠ ᠪᠠᠷ ᠤᠯᠤᠭᠰᠠᠨ ᠠᠮᠵᠢᠯᠳ᠋ᠡ ᠪᠦᠳ᠋ᠦᠮᠵᠢ ᠶᠢ ᠰᠤᠷᠤᠯᠴᠠᠵᠤ ᠲᠤᠯᠢ ᠪᠤᠯᠭᠤᠰᠢᠭᠠᠳ᠋ᠠᠢ ᠭᠡᠵᠦ ᠢᠯᠡᠷᠬᠡᠢ᠌ᠯᠡᠵᠡᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ 《ᠨᠢᠭᠡ ᠬᠠᠦᠯᠢ ᠨᠢᠭᠡ ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ
ᠳᠠᠷᠠᠭᠠᠬᠢ᠄ ᠸᠠᠩ ᠬᠤᠩ ᠬᠤᠸᠠ ᠬᠡᠰᠡᠭ᠌ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠣᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ