ᠸᠠᠩ ᠬᠤᠩ ᠬᠤᠸᠠ ᠬᠡᠰᠡᠭ᠌ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠣᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ

8 ᠰᠠᠷ᠎ᠠ ᠶᠢᠨ 24 ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠸᠠᠩ ᠬᠤᠩ ᠬᠤᠸᠠ ᠲᠦ᠋ᠩᠯᠢᠶᠤᠤ ᠬᠤᠳ᠋ᠠ ᠳᠤ ᠰᠠᠭᠤᠭ᠎ᠠ ᠬᠡᠰᠡᠭ᠌ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠣᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠨᠢᠭᠡᠳ᠋ᠦᠮᠡᠯ ᠹᠷᠤᠨᠲ ᠤᠨ ᠬᠡᠯᠳ᠋ᠡᠰ ᠤᠨ ᠲᠠᠷᠤᠭ᠎ᠠ ᠯᠢ ᠢᠦᠢ ᠹᠦ᠋᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠬᠤᠰᠢᠭᠤᠨ ᠲᠡᠳ᠋ ᠲᠠᠷᠤᠭ᠎ᠠ ᠭᠦᠸᠸ ᠶᠠ ᠹᠸᠩ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠯᠦ᠋ᠪᠸᠢ ᠵᠡᠭᠡᠯᠢ ᠭᠤᠳ᠋ᠤᠮᠵᠢ ᠶᠢᠨ ᠹᠦ᠋ ᠯᠢ ᠴᠦ᠋ᠨ ᠴᠸᠩ ᠨᠡᠢ᠌ᠭᠡᠮ ᠲᠤᠭᠤᠷᠢᠭ᠂ ᠰᠤᠷᠭᠠᠨ ᠬᠦᠮᠦᠵᠢᠯ ᠤᠨ ᠬᠦᠷᠢᠶᠡᠯᠡᠩ ᠲᠤᠭᠤᠷᠢᠭ ᠤᠨ ᠬᠡᠦᠬᠡᠳ ᠤᠨ ᠴᠡᠴᠡᠷᠯᠢᠭ᠌ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠪᠠ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠮᠠᠨ ᠤ ᠬᠤᠰᠢᠭᠤᠨ ᠤ ᠶᠡᠷᠦᠩᠬᠡᠢ ᠱᠦ᠋ᠵᠢ ᠰᠢ ᠵᠢᠨ ᠫᠢᠩ ᠤᠨ ᠦᠨᠳ᠋ᠦᠰᠦᠳ᠋ᠡᠨ ᠤ ᠠᠵᠢᠯ ᠤᠨ ᠲᠠᠯ᠎ᠠ ᠪᠠᠷ ᠬᠢ ᠦᠭᠦᠯᠡᠯᠳ᠋ᠡ ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠪᠤᠯᠪᠠᠰᠤᠷᠠᠯ ᠪᠠ ᠦᠨᠳ᠋ᠦᠰᠦᠳ᠋ᠡᠨ ᠤ ᠪᠦᠯᠬᠦᠮᠳ᠋ᠡᠯ ᠢ ᠡᠭᠦᠳ᠋ᠦᠨ ᠪᠠᠢ᠌ᠭᠤᠯᠬᠤ ᠠᠵᠢᠯ ᠢ ᠦᠷᠨᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃

ᠲᠠᠷᠠᠭ᠎ᠠ ᠨᠢ᠂ ᠸᠠᠩ ᠬᠤᠩ ᠬᠤᠸᠠ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠯᠢ ᠢᠦᠢ ᠹᠦ᠋ ᠪᠠᠢ᠌ᠴᠠᠭᠠᠨ ᠰᠤᠳ᠋ᠤᠯᠤᠯᠳ᠋ᠠ ᠶᠢᠨ ᠲᠤᠭᠤᠢ᠌ᠯᠠᠩ ᠳᠤ ᠮᠠᠨ ᠤ ᠬᠤᠰᠢᠭᠤᠨ ᠤ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠬᠠᠤ ᠠᠵᠢᠯ ᠢ ᠦᠷᠨᠢᠭᠦᠯᠦᠭ᠍ᠰᠡᠨ ᠪᠠᠢ᠌ᠳ᠋ᠠᠯ ᠢ ᠬᠠᠷᠢᠭᠤ ᠮᠡᠳ᠋ᠡᠭᠦᠯᠪᠡ᠃
ᠸᠠᠩ ᠬᠤᠩ ᠬᠤᠸᠠ ᠮᠠᠨ ᠤ ᠬᠤᠰᠢᠭᠤᠨ ᠤ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠠᠵᠢᠯ ᠤᠨ ᠠᠷᠭ᠎ᠠ ᠮᠠᠶᠢᠭ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠭᠦᠢᠴᠡᠳ ᠨᠤᠳ᠋ᠠᠯᠠᠪᠠ᠃ ᠸᠠᠩ ᠬᠤᠩ ᠬᠤᠸᠠ ᠡᠴᠡ᠂ ᠶᠡᠷᠦᠩᠬᠡᠢ ᠱᠦ᠋ᠵᠢ ᠰᠢ ᠵᠢᠨ ᠫᠢᠩ ᠤᠨ ᠲᠤᠷᠠᠳ᠋ᠤᠭᠰᠠᠨ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠡᠨᠡ ᠬᠦ ᠴᠢᠬᠤᠯᠠ ᠶᠡᠬᠡ ᠨᠤᠳ᠋ᠠᠯᠠᠯᠳ᠋ᠠ ᠪᠠ ᠪᠠᠢ᠌ᠯᠳ᠋ᠤᠬᠤ ᠪᠤᠳ᠋ᠤᠯᠭ᠎ᠠ ᠶᠢᠨ ᠴᠢᠨᠠᠷᠳ᠋ᠠᠢ ᠪᠠᠢ᠌ᠷᠢᠯᠠᠭᠤᠯᠤᠯᠳ᠋ᠠ ᠨᠢ ᠲᠤᠮᠳ᠋ᠠᠳ᠋ᠤ ᠶᠢᠨ ᠦᠨᠳ᠋ᠦᠰᠦᠳ᠋ᠡᠨ ᠤ ᠠᠭᠤᠤ ᠶᠡᠬᠡ ᠰᠡᠷᠭᠦᠨ ᠮᠠᠨᠳ᠋ᠤᠯᠳ᠋ᠠ᠂ ᠠᠵᠢᠯ ᠦᠢᠯᠡᠰ ᠤᠨ ᠪᠦᠬᠦ ᠲᠠᠯ᠎ᠠ ᠲᠡᠶ ᠬᠤᠯᠪᠤᠭᠳ᠋ᠠᠨ᠂ ᠡᠯ᠎ᠠ ᠦᠨᠳ᠋ᠦᠰᠦᠳ᠋ᠡᠨ ᠤ ᠠᠷᠠᠳ ᠲᠦ᠋ᠮᠡᠨ ᠤ ᠪᠦᠯᠬᠦᠮᠳ᠋ᠡᠯ ᠵᠤᠯ ᠵᠢᠷᠭᠠᠯᠳ᠋ᠤ ᠠᠮᠢᠳ᠋ᠤᠷᠠᠯ ᠲᠡᠶ ᠬᠤᠯᠪᠤᠭᠳ᠋ᠠᠵᠤ ᠪᠤᠢ᠂ ᠡᠯ᠎ᠠ ᠰᠠᠯᠠᠭ᠎ᠠ ᠮᠦ᠋ᠴᠢᠷ ᠤᠨ ᠬᠢᠨ ᠨᠠᠮ ᠤᠨ ᠦᠨᠳ᠋ᠦᠰᠦᠳ᠋ᠡᠨ ᠤ ᠠᠵᠢᠯ ᠳ᠋ᠡᠬᠢ ᠤᠳ᠋ᠤᠷᠢᠳ᠋ᠤᠯᠭ᠎ᠠ ᠶᠢ ᠪᠠᠷᠢᠮᠳ᠋ᠠᠯᠠᠨ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠤᠯᠤᠰ ᠲᠦ᠋ᠷᠦ ᠶᠢᠨ ᠰᠠᠭᠤᠷᠢ ᠶᠢ ᠪᠡᠬᠢᠵᠢᠭᠦᠯᠵᠦ᠂ ᠰᠢᠨ᠎ᠠ ᠴᠠᠭ ᠦᠶ᠎ᠠ ᠶᠢᠨ ᠦᠨᠳ᠋ᠦᠰᠦᠳ᠋ᠡᠨ ᠤ ᠠᠵᠢᠯ ᠤᠨ ᠴᠢᠨᠠᠷ ᠰᠠᠢ᠌ᠳ᠋ᠠᠢ ᠬᠦᠭ᠍ᠵᠢᠯᠳ᠋ᠡ ᠳᠤ ᠪᠠᠳ᠋ᠤ ᠴᠢᠩᠭ᠎ᠠ ᠪᠠᠳ᠋ᠤᠯᠠᠭ᠎ᠠ ᠬᠠᠩᠭ᠋ᠠᠨ᠂ ᠡᠯ᠎ᠠ ᠦᠨᠳ᠋ᠦᠰᠦᠳ᠋ᠡᠨ ᠤ ᠺᠠᠳ᠋ᠷᠴᠤᠳ ᠢ ᠲᠠᠭᠠᠭᠤᠯᠤᠨ ᠤᠬᠠᠮᠰᠡᠷ ᠡᠴᠡ ᠪᠠᠨ ᠦᠨᠳ᠋ᠦᠰᠦᠳ᠋ᠡᠨ ᠤ ᠪᠦᠯᠬᠦᠮᠳ᠋ᠡᠯ ᠢ ᠡᠭᠦᠳ᠋ᠦᠨ ᠪᠠᠢ᠌ᠭᠤᠯᠬᠤ ᠠᠵᠢᠯ ᠳᠤ ᠤᠷᠤᠯᠴᠠᠭᠤᠯᠵᠤ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠪᠡᠯᠡᠭ᠌ ᠬᠦᠷᠭᠡᠬᠦ ᠬᠡᠷᠡᠭ᠍ᠳ᠋ᠠᠢ ᠭᠡᠵᠦ ᠬᠡᠯᠡᠪᠡ᠃
ᠰᠠᠭᠤᠳ᠋ᠠᠯ ᠤᠨ ᠬᠤᠷᠠᠯ ᠲᠡᠭᠡᠷ᠎ᠠ᠂ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠦᠪᠡᠷ ᠤᠨ ᠪᠤᠳ᠋ᠠᠳ᠋ᠤ ᠠᠵᠢᠯ ᠲᠡᠶ ᠪᠠᠨ ᠤᠶᠠᠯᠳ᠋ᠤᠭᠤᠯᠤᠨ ᠠᠳ᠋ᠠᠯᠢ ᠪᠤᠰᠤ ᠲᠠᠯ᠎ᠠ ᠡᠴᠡ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠶᠢᠨ ᠲᠤᠭᠤᠷᠢᠨ ᠳᠤ ᠰᠠᠨᠠᠯ ᠶᠢᠡᠨ ᠰᠤᠯᠢᠯᠴᠠᠬᠤ ᠶᠢᠨ ᠬᠠᠮᠳ᠋ᠤ ᠰᠠᠨᠠᠯ ᠰᠠᠨᠠᠭᠤᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)