ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠶᠡᠷᠦᠩᠬᠡᠢ ᠱᠦ᠋ᠵᠢ ᠰᠢ ᠵᠢᠨ ᠫᠢᠩ ᠤᠨ ᠲᠦ᠋ᠪ ᠤᠨ ᠨᠢᠭᠡᠳ᠋ᠦᠮᠡᠯ ᠹᠷᠤᠨᠲ ᠤᠨ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠪᠠ

8 ᠰᠠᠷ᠎ᠠ ᠶᠢᠨ 25 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠡ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠶᠡᠷᠦᠩᠬᠡᠢ ᠱᠦ᠋ᠵᠢ ᠰᠢ ᠵᠢᠨ ᠫᠢᠩ ᠤᠨ ᠲᠦ᠋ᠪ ᠤᠨ ᠨᠢᠭᠡᠳ᠋ᠦᠮᠡᠯ ᠹᠷᠤᠨᠲ ᠤᠨ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠦ᠋ᠪᠯᠡᠷᠡᠭᠦᠯᠦᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠭ᠍ᠰᠡᠨ ᠪᠦᠭᠡᠳ ᠲᠠᠭᠠᠭᠤᠯᠤᠨ ᠰᠤᠷᠤᠯᠴᠠᠪᠠ᠃
ᠬᠤᠷᠠᠯ ᠡᠴᠡ᠂ ᠡᠨᠡ ᠵᠢᠯ ᠪᠤᠯ ᠨᠠᠮ ᠤᠨ ᠨᠢᠭᠡᠳ᠋ᠦᠮᠡᠯ ᠹᠷᠤᠨᠲ ᠤᠨ ᠲᠦ᠋ᠷᠦ ᠶᠢᠨ ᠪᠤᠳ᠋ᠤᠯᠭ᠎ᠠ ᠶᠢ ᠲᠤᠷᠠᠳ᠋ᠤᠭᠰᠠᠨ 100 ᠵᠢᠯ ᠤᠨ ᠤᠢ ᠪᠠ ᠨᠢᠭᠡᠳ᠋ᠦᠮᠡᠯ ᠹᠷᠤᠨᠲ ᠤᠨ ᠦᠢᠯᠡᠰ ᠤᠨ ᠬᠤᠶᠠᠳ᠋ᠤᠭᠠᠷ ᠵᠠᠭᠤᠨ ᠵᠢᠯ ᠤᠨ ᠤᠢ ᠶᠢᠨ ᠴᠢᠬᠤᠯᠠ ᠨᠢᠭᠡ ᠵᠢᠯ ᠮᠦ᠋ᠨ᠃ ᠪᠦᠬᠦ ᠺᠠᠳ᠋ᠷ ᠠᠵᠢᠯᠳ᠋ᠡᠳ ᠶᠡᠷᠦᠩᠬᠡᠢ ᠱᠦ᠋ᠵᠢ ᠰᠢ ᠵᠢᠨ ᠫᠢᠩ ᠤᠨ ᠨᠢᠭᠡᠳ᠋ᠦᠮᠡᠯ ᠹᠷᠤᠨᠲ ᠤᠨ ᠠᠵᠢᠯ ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢᠯᠠᠭᠤᠯᠵᠤ᠂ ᠤᠨᠤᠯ ᠶᠢᠡᠷ ᠵᠡᠪᠰᠡᠭᠯᠡᠨ᠂ ᠲᠦ᠋ᠷᠦ ᠶᠢᠨ ᠪᠤᠳ᠋ᠤᠯᠭ᠎ᠠ ᠶᠢᠨ ᠰᠤᠷᠤᠯᠴᠠᠯᠭ᠎ᠠ ᠪᠠ ᠦᠢᠯᠡᠳ᠋ᠦᠯᠭᠡ ᠶᠢᠨ ᠪᠤᠯᠪᠠᠰᠤᠷᠠᠯ ᠢ ᠴᠦ᠋ᠬᠦᠷᠡᠰᠢ ᠦᠭᠡᠶ ᠴᠢᠩᠭ᠋ᠠᠳᠬᠠᠨ᠂ ᠤᠯᠤᠰ ᠲᠦ᠋ᠷᠦ ᠶᠢᠨ ᠮᠠᠭᠠᠳᠯᠠᠬᠤ ᠴᠢᠳ᠋ᠠᠪᠤᠷᠢ᠂ ᠤᠯᠤᠰ ᠲᠦ᠋ᠷᠦ ᠶᠢᠨ ᠤᠢ᠌ᠯᠠᠭᠠᠬᠤ ᠴᠢᠳ᠋ᠠᠪᠤᠷᠢ᠂ ᠤᠯᠤᠰ ᠲᠦ᠋ᠷᠦ ᠶᠢᠨ ᠬᠡᠷᠡᠭ᠍ᠵᠢᠭᠦᠯᠬᠦ ᠴᠢᠳ᠋ᠠᠪᠤᠷᠢ ᠪᠠᠨ ᠲᠠᠰᠤᠷᠠᠯᠳ᠋ᠡ ᠦᠭᠡᠶ ᠴᠢᠩᠭ᠋ᠠᠳᠬᠠᠵᠤ᠂ ᠺᠠᠳ᠋ᠷ ᠠᠵᠢᠯᠳ᠋ᠡᠳ ᠤᠨ ᠤᠯᠤᠰ ᠲᠦ᠋ᠷᠦ ᠶᠢᠨ ᠬᠦᠳ᠋ᠦᠯᠦᠨ ᠲᠠᠭᠠᠭᠤᠯᠬᠤ ᠴᠢᠳ᠋ᠠᠪᠤᠷᠢ᠂ ᠲᠦ᠋ᠷᠦ ᠶᠢᠨ ᠪᠤᠳ᠋ᠤᠯᠭ᠎ᠠ ᠶᠢ ᠡᠵᠡᠮᠳ᠋ᠡᠬᠦ ᠴᠢᠳ᠋ᠠᠪᠤᠷᠢ᠂ ᠪᠠᠢ᠌ᠴᠠᠭᠠᠨ ᠰᠤᠳ᠋ᠤᠯᠬᠤ ᠴᠢᠳ᠋ᠠᠪᠤᠷᠢ᠂ ᠨᠠᠢ᠌ᠳ᠋ᠠᠪᠤᠷᠢᠵᠢᠭᠤᠯᠤᠯᠳ᠋ᠠ ᠶᠢ ᠠᠬᠢᠭᠤᠯᠬᠤ ᠴᠢᠳ᠋ᠠᠪᠤᠷᠢ ᠶᠢ ᠬᠦᠴᠦᠯᠡᠨ ᠲᠡᠭᠡᠭ᠍ᠰᠢᠯᠡᠭᠦᠯᠬᠦ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃
ᠬᠤᠷᠠᠯ ᠲᠡᠭᠡᠷ᠎ᠠ ᠯᠢ ᠴᠸᠩ ᠭᠦᠸᠸ ᠡᠴᠡ᠂ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠬᠡᠪ ᠰᠤᠷᠳ᠋ᠠᠯ ᠢ ᠦᠪᠡᠷᠳ᠋ᠡᠭᠡᠨ ᠪᠠᠢ᠌ᠴᠠᠭᠠᠨ ᠵᠠᠯᠠᠷᠠᠭᠤᠯᠬᠤ ᠠᠵᠢᠯ ᠢ ᠤᠯᠠᠮ ᠨᠢᠭᠡ ᠠᠯᠬᠤᠮ ᠰᠠᠢ᠌ᠳ᠋ᠤᠷ ᠠᠳᠬᠤᠬᠤ ᠲᠤᠬᠠᠢ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ ᠬᠤᠷᠠᠯ ᠲᠡᠭᠡᠷ᠎ᠠ ᠪᠠᠰᠠ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ 《ᠬᠤᠳ᠋ᠠᠯᠳ᠋ᠤᠭ᠎ᠠ ᠡᠷᠬᠢᠯᠡᠬᠦ ᠤᠷᠴᠢᠨ ᠲᠤᠭᠤᠷᠢᠨ ᠢ ᠬᠤᠬᠢᠷᠠᠭᠤᠯᠤᠭᠰᠠᠨ ᠨᠡᠢ᠌ᠳ᠋ᠡᠯᠢᠭ᠌ ᠬᠡᠷᠡᠭ᠌ ᠤᠨ ᠵᠢᠱᠢᠶ᠎ᠠ ᠶᠢᠨ ᠲᠤᠬᠠᠢ ᠵᠠᠷᠯᠠᠯ》 ᠢ ᠮᠡᠳ᠋ᠡᠭ᠍ᠳ᠋ᠡᠪᠡ᠃ (ᠨᠠᠢ᠌ᠷᠠᠭᠤᠯᠤᠭᠴᠢ᠄ ᠯᠸᠢ ᠫᠠᠩ)