ᠵᠠᠭᠤᠨᠨᠠᠰᠤᠳ᠋ᠤ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠨᠢᠭᠡ ᠰᠡᠳᠭᠢᠯ ᠶᠢᠡᠷ ᠠᠷᠠᠳ ᠲᠤ ᠪᠤᠳ᠋ᠠᠳ᠋ᠤ ᠶᠠᠪᠤᠳ᠋ᠠᠯ ᠬᠢᠵᠦ ᠪᠠᠢ᠌ᠭ᠎ᠠ
ᠵᠠᠭᠤᠨᠨᠠᠰᠤᠳ᠋ᠤ ᠪᠤᠯ ᠲᠦ᠋ᠩᠯᠢᠶᠤᠤ ᠬᠤᠳ᠋ᠠ ᠶᠢᠨ ᠲᠠᠪᠤᠳ᠋ᠤᠭᠠᠷ᠂ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠵᠠᠷᠤᠳ ᠬᠤᠰᠢᠭᠤᠨ ᠤ ᠠᠷᠪᠠᠨ ᠲᠠᠪᠤᠳ᠋ᠤᠭᠠᠷ᠂ ᠠᠷᠪᠠᠨ ᠵᠢᠷᠭᠤᠳ᠋ᠤᠭᠠᠷ᠂ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠮᠦ᠋ᠷᠳ᠋ᠡᠭᠡᠨ ᠪᠠᠰᠠ ᠤᠯᠠᠭᠠᠨᠬᠠᠳ᠋ᠠ ᠰᠤᠮᠤ ᠶᠢᠨ ᠡᠷᠳ᠋ᠡᠨᠢᠪᠤᠯᠠᠭ ᠭᠠᠴᠠᠭᠠᠨ ᠤ ᠨᠠᠮ ᠤᠨ ᠡᠭᠦᠷ ᠤᠨ ᠱᠦ᠋ᠵᠢ ᠪᠤᠯᠤᠨ᠎ᠠ᠃ ᠠᠷᠠᠳ ᠤᠨ ᠲᠦ᠋ᠯᠦᠭᠡᠯᠡᠭ᠍ᠴᠢ ᠪᠠᠷ ᠰᠤᠩᠭ᠋ᠤᠭᠳ᠋ᠠᠭᠰᠠᠨ ᠡᠴᠡ ᠨᠠᠭᠠᠰᠢ᠂ ᠲᠡᠷᠡ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠰᠤᠩᠭ᠋ᠤᠭᠤᠯᠢ ᠶᠢᠨ ᠠᠷᠠᠳ ᠲᠡᠶ ᠨᠢᠭᠳ᠋ᠠ ᠬᠠᠷᠢᠯᠴᠡᠵᠦ᠂ ᠨᠡᠢ᠌ᠭᠡᠮ ᠤᠨ ᠪᠠᠢ᠌ᠳ᠋ᠠᠯ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠲᠦ᠋ᠮᠡᠨ ᠳᠤ ᠰᠠᠢ᠌ᠨ ᠶᠠᠪᠤᠳ᠋ᠠᠯ᠂ ᠪᠤᠳ᠋ᠠᠳ᠋ᠤ ᠶᠠᠪᠤᠳ᠋ᠠᠯ ᠬᠢᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠵᠢᠴᠢ ᠵᠠᠰᠠᠭ ᠤᠨ ᠤᠷᠳ᠋ᠤᠨ ᠤ ᠰᠠᠯᠠᠭ᠎ᠠ ᠮᠦ᠋ᠴᠢᠷ ᠲᠤ ᠰᠢᠨᠵᠢᠯᠡᠬᠦ ᠤᠬᠠᠭᠠᠨᠴᠢ ᠵᠦ᠋ᠢ ᠵᠤᠬᠢᠰᠳ᠋ᠠᠢ ᠰᠠᠨᠠᠯ ᠰᠠᠨᠠᠭᠤᠯᠭ᠎ᠠ ᠶᠢ ᠢᠳ᠋ᠡᠪᠬᠢᠳ᠋ᠠᠢ ᠲᠤᠷᠠᠳ᠋ᠤᠨ᠂ ᠮᠠᠯᠴᠢᠨ ᠠᠷᠠᠳ ᠤᠨ ᠲᠦ᠋ᠯᠦᠭᠡᠯᠡᠭ᠍ᠴᠢ ᠶᠢᠨ ᠤᠯᠠᠨ ᠲᠦ᠋ᠮᠡᠨ ᠲᠡᠶ ᠬᠠᠷᠢᠯᠴᠠᠬᠤ ᠬᠦᠭᠦᠷᠭᠡ ᠬᠤᠯᠪᠤᠭᠠᠰᠤ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠪᠠ᠃ 2012 ᠤᠨ ᠡᠴᠡ ᠨᠠᠭᠠᠰᠢ᠂ ᠵᠠᠭᠤᠨᠨᠠᠰᠤᠳ᠋ᠤ 100 ᠭᠠᠷᠤᠢ ᠤᠳ᠋ᠠᠭ᠎ᠠ ᠠᠷᠠᠳ ᠤᠨ ᠲᠦ᠋ᠯᠦᠭᠡᠯᠡᠭ᠍ᠴᠢᠳ ᠤᠨ ᠬᠦᠳ᠋ᠡᠯᠭᠡᠭᠡᠨ ᠪᠠ ᠬᠠᠮᠢᠶ᠎ᠠ ᠪᠦᠬᠦᠢ ᠬᠤᠷᠠᠯ ᠳᠤ ᠤᠷᠤᠯᠴᠠᠨ᠂ 80 ᠭᠠᠷᠤᠢ ᠪᠠᠢ᠌ᠭᠤᠯᠭ᠎ᠠ ᠨᠢᠭᠡᠴᠡ ᠶᠢ ᠠᠢ᠌ᠯᠴᠢᠯᠠᠵᠤ ᠰᠤᠷᠪᠤᠯᠵᠢᠯᠡᠨ᠂ 2000 ᠭᠠᠷᠤᠢ ᠬᠦᠮᠦᠨ ᠤᠳ᠋ᠠᠭ᠎ᠠ ᠤᠯᠠᠨ ᠲᠦ᠋ᠮᠡᠨ ᠢ ᠠᠢ᠌ᠯᠴᠢᠯᠠᠵᠤ ᠰᠤᠷᠪᠤᠯᠵᠢᠯᠡᠨ᠂ 20 ᠭᠠᠷᠤᠢ ᠬᠤᠪᠢ ᠰᠠᠨᠠᠯ ᠰᠠᠨᠠᠭᠤᠯᠭ᠎ᠠ ᠲᠤᠷᠠᠳᠪᠠ᠃
ᠠᠷᠠᠳ ᠤᠨ ᠲᠦ᠋ᠯᠦᠭᠡᠯᠡᠭ᠍ᠴᠢ ᠪᠠᠷ ᠰᠤᠩᠭ᠋ᠤᠭᠳ᠋ᠠᠭᠰᠠᠨ ᠡᠴᠡ ᠨᠠᠭᠠᠰᠢ᠂ ᠤᠷᠢᠳ ᠬᠤᠵᠢᠳ 《ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠠᠬᠢᠭᠤᠯᠬᠤ ᠲᠤᠬᠠᠢ ᠰᠠᠨᠠᠭᠤᠯᠭ᠎ᠠ》᠂ 《ᠴᠢᠨᠠᠷ ᠰᠠᠢ᠌ᠳ᠋ᠠᠢ ᠡᠪᠡᠰᠦ ᠪᠤᠷᠳ᠋ᠤᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢ ᠠᠬᠢᠭᠤᠯᠬᠤ ᠲᠤᠬᠠᠢ ᠰᠠᠨᠠᠭᠤᠯᠭ᠎ᠠ》᠂ 《ᠵᠠᠷᠤᠳ ᠬᠤᠰᠢᠭᠤᠨ ᠤ ᠤᠯᠠᠭᠠᠨᠬᠠᠳ᠋ᠠ ᠶᠡᠬᠡ ᠬᠦᠭᠦᠷᠭᠡ ᠶᠢ ᠪᠠᠢ᠌ᠭᠤᠯᠬᠤ ᠲᠤᠬᠠᠢ ᠰᠠᠨᠠᠯ ᠵᠦ᠋ᠪᠯᠡᠯᠭᠡ》 ᠵᠡᠷᠭᠡ ᠰᠠᠨᠠᠯ ᠰᠠᠨᠠᠭᠤᠯᠭ᠎ᠠ ᠶᠢ 10 ᠭᠠᠷᠤᠢ ᠬᠤᠪᠢ ᠲᠡᠪᠰᠢᠭᠦᠯᠵᠠᠢ᠂ ᠡᠳ᠋ᠡᠭᠡᠷ ᠰᠠᠨᠠᠭᠤᠯᠭ᠎ᠠ ᠨᠢ ᠠᠵᠤ ᠠᠬᠤᠢ ᠨᠡᠢ᠌ᠭᠡᠮ ᠤᠨ ᠠᠰᠠᠭᠤᠳ᠋ᠠᠯ ᠢ ᠴᠠᠭ ᠲᠤᠬᠠᠢ ᠳ᠋ᠤᠨᠢ ᠲᠤᠰᠬᠠᠵᠤ᠂ ᠬᠤᠳ᠋ᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠲᠡᠭᠡᠳ᠋ᠦ ᠬᠡᠮᠵᠢᠶᠡᠨ ᠤ ᠠᠩᠬᠠᠷᠤᠯ ᠢ ᠲᠠᠳ᠋ᠠᠨ᠂ ᠮᠠᠰᠢ ᠤᠯᠠᠨ ᠬᠠᠯᠠᠮᠰᠢᠯ ᠠᠰᠠᠭᠤᠳ᠋ᠠᠯ᠂ ᠬᠦᠴᠢᠷ ᠠᠰᠠᠭᠤᠳ᠋ᠠᠯ ᠢ ᠰᠢ᠌ᠳᠪᠦᠷᠢᠯᠡᠬᠦ ᠶᠢ ᠠᠬᠢᠭᠤᠯᠪᠠ᠃
ᠬᠢᠵᠢᠭ᠌ ᠤᠨ ᠬᠤᠭᠤᠴᠠᠭᠠᠨ ᠳᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠡᠷᠭᠡᠢ᠌ᠯᠡᠯᠳ᠋ᠡ ᠶᠢᠨ ᠱᠤᠭᠤᠮ ᠢ ᠪᠡᠳ᠋ᠦ ᠴᠤᠭᠴᠡᠯᠡᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠮᠡᠳ᠋ᠡᠯᠭᠡ ᠶᠢ ᠢᠳ᠋ᠡᠪᠬᠢᠳ᠋ᠠᠢ ᠰᠤᠷᠤᠯᠴᠠᠵᠤ᠂ ᠤᠯᠠᠨ ᠲᠦ᠋ᠮᠡᠨ ᠢ ᠲᠠᠭᠠᠭᠤᠯᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ᠂ ᠦᠪᠡᠷ ᠶᠢᠡᠨ ᠲᠦ᠋ᠮᠡᠨ ᠲᠦ᠋ᠬᠦᠷᠢᠭ᠌ ᠵᠤᠭᠤᠰ ᠭᠠᠷᠭᠠᠨ ᠠᠮᠠᠪᠴᠢ ᠬᠤᠳ᠋ᠠᠯᠳ᠋ᠤᠨ ᠠᠪᠴᠦ᠂ ᠬᠡᠷᠡᠭ᠍ᠴᠡᠭᠡ ᠲᠡᠶ ᠤᠯᠠᠨ ᠲᠦ᠋ᠮᠡᠨ ᠳᠤ ᠦᠨ᠎ᠠ ᠲᠦ᠋ᠯᠦᠪᠦᠷᠢ ᠦᠭᠡᠶ ᠪᠠᠷ ᠲᠦ᠋ᠭᠡᠭᠡᠨ ᠦᠭ᠍ᠴᠠᠢ᠃
ᠵᠠᠭᠤᠨᠨᠠᠰᠤᠳ᠋ᠤ ᠦᠩᠭᠡᠷᠡᠭ᠍ᠰᠡᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠤᠷᠰᠢᠯᠭ᠎ᠠ ᠰᠤᠷᠭᠠᠮᠵᠢ ᠶᠢ ᠳ᠋ᠦ᠋ᠩᠨᠡᠨ ᠵᠠᠳ᠋ᠠᠯᠵᠤ᠂ ᠭᠠᠴᠠᠭᠠᠨ ᠤ ᠪᠤᠳ᠋ᠠᠳ᠋ᠤ ᠪᠠᠢ᠌ᠳ᠋ᠠᠯ ᠪᠠ ᠪᠠᠢ᠌ᠭᠠᠯᠢ ᠶᠢᠨ ᠡᠬᠢ ᠪᠠᠶᠠᠯᠢᠭ ᠤᠨ ᠨᠦ᠋ᠭᠦᠴᠡᠯ ᠲᠡᠶ ᠭᠦᠢᠴᠡᠳ ᠤᠶᠠᠯᠳ᠋ᠤᠭᠤᠯᠤᠨ᠂ ᠲᠤᠰᠬᠠᠢ ᠬᠤᠷᠰᠢᠶᠠᠵᠢᠯ ᠶᠢᠡᠷ ᠭᠠᠴᠠᠭᠠᠨ ᠤ ᠬᠠᠮᠳ᠋ᠤ ᠶᠢᠨ ᠠᠵᠤ ᠠᠬᠤᠢ ᠶᠢᠨ ᠬᠦᠭ᠍ᠵᠢᠯᠳ᠋ᠡ ᠶᠢ ᠲᠠᠢ᠌ᠴᠢᠯᠠᠬᠤ ᠰᠢᠨ᠎ᠠ ᠵᠠᠭᠪᠤᠷ ᠢ ᠰᠦ᠋ᠪᠡᠭ᠍ᠴᠢᠯᠡᠨ ᠪᠠᠢ᠌ᠭᠤᠯᠵᠤ᠂ ᠶᠠᠳ᠋ᠠᠭᠤ ᠶᠢ ᠲᠡᠳᠭᠦᠬᠦ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ᠂ ᠦᠨᠳ᠋ᠦᠰᠦᠳ᠋ᠡᠨ ᠤ ᠠᠵᠢᠯ ᠦᠢᠯᠡᠰ ᠵᠡᠷᠭᠡ ᠲᠦ᠋ᠷᠦᠯ ᠵᠦ᠋ᠢᠯ ᠢ ᠡᠮᠬᠢᠯᠡᠨ ᠨᠡᠢ᠌ᠯᠡᠭᠦᠯᠵᠦ 213.4 ᠲᠦ᠋ᠮᠡᠨ ᠲᠦ᠋ᠭᠦᠷᠢᠭ᠌ ᠤᠨ ᠪᠡᠯᠡ ᠮᠦ᠋ᠩᠭᠦ ᠪᠠᠷ ᠮᠠᠨᠳ᠋ᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠢ ᠲᠦ᠋ᠷᠦᠭᠦᠯᠡᠨ ᠪᠠᠢ᠌ᠭᠤᠯᠵᠤ᠂ ᠵᠢᠵᠢᠭ᠌ ᠡᠷᠦᠭᠡ ᠶᠢᠨ ᠲᠠᠷᠠᠬᠠᠢ ᠪᠤᠳ᠋ᠠᠷᠬᠠᠢ ᠡᠵᠡᠩᠨᠡᠯᠳ᠋ᠡ ᠡᠴᠡ ᠬᠤᠷᠰᠢᠶᠠᠵᠢᠭᠰᠠᠨ ᠬᠡᠪᠴᠢᠶᠡᠳ᠋ᠦ ᠡᠵᠡᠩᠨᠡᠯᠳ᠋ᠡ ᠲᠡᠰᠢ ᠬᠤᠪᠢᠷᠠᠭᠤᠯᠬᠤ ᠶᠢ ᠪᠡᠶᠡᠯᠡᠭᠦᠯᠦᠨ᠂ ᠤᠯᠠᠨ ᠳᠤ ᠨᠡᠩ ᠡᠯᠪᠡᠭ᠌ ᠪᠠᠶᠠᠯᠢᠭ ᠠᠵᠤ ᠠᠬᠤᠢ ᠶᠢᠨ ᠦᠷ᠎ᠠ ᠠᠰᠢᠭ ᠠᠪᠴᠢᠷᠠᠵᠤ ᠦᠭᠬᠦᠪᠡ᠃ ᠤᠳ᠋ᠤᠬᠠᠨ ᠳᠤ᠂ ᠬᠤᠷᠰᠢᠶᠠᠵᠢᠯ ᠳᠤ 48 ᠡᠷᠦᠭᠡ ᠬᠤᠪᠢ ᠤᠷᠤᠵᠤ᠂ ᠡᠭᠦᠨ ᠳᠤ 45 ᠡᠷᠦᠭᠡ ᠨᠢ ᠤᠤᠯ ᠳᠠᠭᠠᠨ ᠶᠠᠳ᠋ᠠᠭᠤ ᠬᠦᠴᠢᠷᠳ᠋ᠡᠯᠳ᠋ᠠᠢ ᠡᠷᠦᠭᠡ ᠪᠠᠢ᠌ᠵᠤ᠂ ᠶᠠᠳ᠋ᠠᠭᠤ ᠬᠦᠴᠢᠷᠳ᠋ᠡᠯᠳ᠋ᠠᠢ ᠡᠷᠦᠭᠡ ᠳᠤ ᠵᠢᠯ ᠪᠦᠷᠢ ᠬᠠᠮᠤᠭ ᠤᠨ ᠠᠷᠪᠢᠨ ᠳᠠᠭᠠᠨ 6000 ᠲᠦ᠋ᠭᠦᠷᠢᠭ᠌ ᠤᠨ ᠠᠰᠢᠭ ᠬᠤᠪᠢᠶᠠᠨ᠂ ᠬᠤᠷᠰᠢᠶᠠᠵᠢᠯ ᠤᠨ ᠤᠷᠤᠯᠭ᠎ᠠ ᠳᠤ ᠲᠦ᠋ᠰᠢᠭᠯᠡᠨ ᠤᠳ᠋ᠤ ᠨᠢᠭᠡᠨᠳ᠋ᠡ ᠪᠦᠬᠦᠨ ᠢ ᠶᠠᠳ᠋ᠠᠭᠤ ᠡᠴᠡ ᠠᠩᠭᠢᠵᠢᠷᠠᠭᠤᠯᠵᠤ᠂ ᠭᠠᠴᠠᠭᠠᠨ ᠤ ᠬᠠᠮᠳ᠋ᠤ ᠶᠢᠨ ᠠᠵᠤ ᠠᠬᠤᠢ ᠶᠢᠨ ᠤᠷᠤᠯᠭ᠎ᠠ ᠴᠦ 10 ᠲᠦ᠋ᠮᠡ ᠶᠢ ᠲᠠᠪᠠᠨ᠂ ᠭᠠᠴᠠᠭᠠᠨ ᠤ ᠬᠦᠮᠦᠨ ᠲᠤᠮᠳ᠋ᠠᠴᠢ ᠶᠢᠨ ᠤᠷᠤᠯᠭ᠎ᠠ ᠨᠢᠭᠡᠨᠳ᠋ᠡ 27000 ᠲᠦ᠋ᠭᠦᠷᠢᠭ᠌ ᠲᠤ ᠬᠦᠷᠪᠠ᠃
ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠢᠯᠡᠳ᠋ᠦᠯᠭᠡ ᠲᠤᠮᠳ᠋ᠠ᠂ ᠵᠠᠭᠤᠨᠨᠠᠰᠤᠳ᠋ᠤ ᠠᠷᠠᠳ ᠲᠦ᠋ᠮᠡᠨ ᠤ ᠤᠯᠭᠤᠭᠰᠠᠨ ᠡᠷᠭᠡ ᠶᠢ ᠨᠠᠨᠳ᠋ᠢᠩᠨᠠᠨ ᠡᠷᠬᠢᠮᠯᠡᠵᠦ᠂ ᠢᠮᠠᠭᠳ᠋ᠠ ᠤᠷᠭᠢᠯᠤᠮ᠎ᠠ ᠬᠠᠯᠠᠭᠤᠨ ᠬᠠᠷᠢᠭᠤᠴᠠᠯᠭᠠᠳ᠋ᠤ ᠰᠡᠳᠭᠢᠯᠭᠡ ᠪᠠᠨ ᠬᠠᠷᠠᠮ ᠦᠭᠡᠶ ᠵᠤᠷᠢᠭᠤᠯᠬᠤ ᠵᠤᠷᠢᠭ ᠰᠠᠨᠠᠭ᠎ᠠ ᠪᠠᠷ᠂ ᠴᠠᠭ ᠢᠮᠠᠭᠳ᠋ᠠ ᠡᠭᠦᠷᠭᠡ ᠬᠠᠷᠢᠭᠤᠴᠠᠯᠭ᠎ᠠ ᠪᠠᠨ ᠪᠠᠳ᠋ᠤ ᠴᠡᠭᠡᠵᠢᠯᠡᠨ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠢᠳ᠋ᠡᠪᠬᠢᠳ᠋ᠠᠢ ᠰᠠᠨᠠᠯ ᠰᠠᠨᠠᠭᠤᠯᠭ᠎ᠠ ᠲᠤᠷᠠᠳ᠋ᠤᠨ ᠠᠷᠭ᠎ᠠ ᠤᠬᠠᠭᠠᠨ ᠭᠠᠷᠭᠠᠵᠤ᠂ ᠨᠠᠮ ᠪᠠ ᠠᠷᠠᠳ ᠲᠦ᠋ᠮᠡᠨ ᠤ ᠢᠳ᠋ᠡᠭᠡᠯ ᠪᠠ ᠬᠦᠨᠳ᠋ᠦ ᠨᠠᠢ᠌ᠳ᠋ᠠᠯᠭ᠎ᠠ ᠶᠢ ᠢᠮᠠᠭᠳ᠋ᠠ ᠬᠦᠰᠡᠷᠳ᠋ᠡᠭᠦᠯᠬᠦ ᠦᠭᠡᠶ ᠪᠠᠷ ᠢᠮᠠᠭᠳ᠋ᠠ ᠴᠢᠷᠮᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)