ᠤᠳᠤ ᠶᠢᠨ ᠪᠠᠢ᠌ᠷᠢ᠄ ᠴᠢᠬᠤᠯᠠ ᠮᠡᠳᠡᠭᠡ → ᠬᠦᠷᠢᠶ᠎ᠠ ᠬᠤᠰᠢᠭᠤᠨ ᠤ ᠨᠡᠢ᠌ᠭᠡᠮ ᠲᠤᠭᠤᠷᠢᠭ ᠤᠨ᠁
ᠬᠦᠷᠢᠶ᠎ᠠ ᠬᠤᠰᠢᠭᠤᠨ ᠤ ᠨᠡᠢ᠌ᠭᠡᠮ ᠲᠤᠭᠤᠷᠢᠭ ᠤᠨ ᠦᠢᠯᠡᠴᠢᠯᠡᠭᠡᠨ ᠤ ᠲᠦ᠋ᠪ ᠤᠨ ᠲᠤᠭᠤᠷᠢᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ ᠠᠵᠢᠯ ᠲᠤᠭᠤᠷᠢᠨ ᠪᠠᠢ᠌ᠴᠠᠭᠠᠪᠠ

     8 ᠰᠠᠷ᠎ᠠ ᠶᠢᠨ 31 ᠤ ᠡᠳ᠋ᠦᠷ᠂ ᠬᠦᠷᠢᠶ᠎ᠠ ᠬᠤᠰᠢᠭᠤᠨ ᠤ ᠨᠡᠢ᠌ᠭᠡᠮ ᠲᠤᠭᠤᠷᠢᠭ ᠤᠨ ᠦᠢᠯᠡᠴᠢᠯᠡᠭᠡᠨ ᠤ ᠲᠦ᠋ᠪ ᠤᠨ ᠨᠠᠮ ᠤᠨ ᠬᠤᠷᠢᠶᠠᠨ ᠤ ᠱᠦ᠋ᠵᠢ ᠡᠷᠳ᠋ᠡᠮᠳ᠋ᠦ ᠲᠤᠭᠤᠷᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠠᠵᠢᠯ ᠲᠤᠭᠤᠷᠢᠨ ᠪᠠᠢ᠌ᠴᠠᠭᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠪᠠ᠃

       
            ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠹᠦ᠋ ᠯᠢ ᠴᠦ᠋ᠨ ᠴᠸᠩ ᠨᠡᠢ᠌ᠭᠡᠮ ᠲᠤᠭᠤᠷᠢᠭ᠂ ᠢᠦᠢ ᠯᠦ᠋ᠩ ᠨᠡᠢ᠌ᠭᠡᠮ ᠲᠤᠭᠤᠷᠢᠭ᠂ ᠿᠦ᠋ᠨ ᠴᠸᠩ ᠠᠳ᠋ᠠᠯ ᠠᠬᠤᠢ ᠶᠢᠨ ᠬᠢᠵᠠᠭᠠᠷᠳ᠋ᠤ ᠺᠤᠮᠫᠠᠨᠢ᠂ ᠠᠷᠤ ᠬᠦᠨᠳ᠋ᠡᠯᠡᠨ ᠪᠠᠯᠭᠠᠰᠤ᠂ ᠪᠠᠶᠠᠷᠳ᠋ᠤᠬᠤᠰᠢᠭᠤ ᠪᠠᠯᠭᠠᠰᠤ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠤᠷ ᠢ ᠲᠤᠭᠤᠷᠢᠨ ᠪᠠᠢ᠌ᠴᠠᠭᠠᠬᠤ᠂ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤ ᠲᠠᠨᠢᠯᠴᠠᠭᠤᠯᠭ᠎ᠠ ᠶᠢ ᠰᠤᠨᠤᠰᠬᠤ ᠪᠠ ᠲᠤᠬᠠᠢ ᠶᠢᠨ ᠲᠠᠯᠠᠪᠤᠷ ᠲᠤᠨᠢ ᠰᠠᠨᠠᠯ ᠶᠢᠡᠨ ᠰᠤᠯᠢᠯᠴᠠᠬᠤ ᠪᠠᠷ ᠲᠠᠮᠵᠢᠨ᠂ ᠡᠯ᠎ᠠ ᠭᠠᠵᠠᠷ ᠤᠨ ᠨᠠᠮ ᠪᠠ ᠤᠯᠠᠨ ᠲᠦ᠋ᠮᠡᠨ ᠤ ᠦᠢᠯᠡᠴᠢᠯᠡᠭᠡᠨ ᠤ ᠲᠦ᠋ᠪ ᠤᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ᠂ ᠲᠤᠤᠷᠵᠢᠭᠤᠯᠤᠭᠰᠠᠨ ᠬᠠᠮᠢᠶᠠᠷᠤᠯᠳ᠋ᠠ᠂ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠶᠢᠨ ᠪᠦᠳ᠋ᠦᠭᠡᠨ ᠪᠠᠢ᠌ᠭᠤᠯᠤᠯᠳ᠋ᠠ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ᠂ ᠰᠤᠶᠤᠯ ᠲᠠᠮᠢᠷ ᠤᠨ ᠬᠦᠳ᠋ᠡᠯᠭᠡᠭᠡᠨ ᠦᠷᠨᠢᠭᠦᠯᠬᠦ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ  ᠢ ᠬᠡᠷᠡᠭ᠍ᠵᠢᠭᠦᠯᠬᠦ ᠵᠡᠷᠭᠡ ᠲᠠᠯ᠎ᠠ ᠶᠢᠨ ᠠᠷᠭ᠎ᠠ ᠬᠢᠳ᠋ᠠᠯ ᠪᠠ ᠦᠷ᠎ᠠ ᠪᠦᠳ᠋ᠦᠮᠵᠢ ᠶᠢ ᠨᠠᠷᠢᠯᠢᠭ ᠤᠢ᠌ᠯᠠᠭᠠᠪᠠ᠃
            ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠬᠢᠨ ᠮᠠᠨ ᠤ ᠬᠤᠰᠢᠭᠤᠨ ᠤ ᠡᠯ᠎ᠠ ᠲᠦ᠋ᠷᠦᠯ ᠤᠨ ᠠᠵᠢᠯ ᠤᠨ ᠭᠤᠤᠯᠳ᠋ᠠᠯᠭ᠎ᠠ ᠲᠡᠶ ᠬᠢᠬᠦ ᠠᠷᠭ᠎ᠠ᠂ ᠠᠵᠢᠯ ᠤᠨ ᠲᠤᠷᠰᠢᠯᠭ᠎ᠠ ᠵᠢᠴᠢ ᠤᠯᠤᠭᠰᠠᠨ ᠦᠷ᠎ᠠ ᠪᠦᠳ᠋ᠦᠮᠵᠢ ᠵᠡᠷᠭᠡ ᠶᠢ ᠲᠡᠭᠡᠳ᠋ᠦ ᠬᠡᠮᠵᠢᠶ᠎ᠠ ᠪᠠᠷ ᠦᠨᠡᠯᠡᠨ᠂ ᠲᠤᠰ ᠤᠳ᠋ᠠᠭᠠᠨ ᠤ ᠲᠤᠭᠤᠷᠢᠨ ᠪᠠᠢ᠌ᠴᠠᠭᠠᠯᠳ᠋ᠠ ᠳᠤ ᠰᠤᠷᠤᠭᠰᠠᠨ ᠤᠯᠤᠯᠳ᠋ᠠ ᠶᠡᠬᠡ ᠪᠠᠢ᠌ᠵᠤ᠂ ᠨᠡᠢ᠌ᠭᠡᠮ ᠲᠤᠭᠤᠷᠢᠭ ᠤᠨ ᠡᠳ᠋ᠦᠷ ᠲᠤᠳ᠋ᠤᠮ ᠤᠨ ᠠᠵᠢᠯ ᠳᠤ ᠰᠢᠨ᠎ᠠ ᠠᠵᠢᠯ ᠤᠨ ᠰᠡᠳᠭᠢᠴᠡ ᠪᠠ ᠲᠦ᠋ᠯᠦᠪᠯᠡᠭᠡ ᠲᠡᠶ ᠪᠤᠯᠵᠤ᠂ ᠬᠦᠷᠢᠶ᠎ᠠ ᠬᠤᠰᠢᠭᠤᠨ ᠤ ᠨᠡᠢ᠌ᠭᠡᠮ ᠲᠤᠭᠤᠷᠢᠭ ᠤᠨ ᠦᠢᠯᠡᠴᠢᠭᠡᠨ ᠤ ᠠᠵᠢᠯ ᠢ ᠤᠯᠠᠮ ᠨᠢᠭᠡ ᠠᠯᠬᠤᠮ ᠠᠬᠢᠭᠤᠯᠤᠨ᠂ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠲᠦ᠋ᠯᠬᠢᠨ ᠠᠬᠢᠭᠤᠯᠬᠤ ᠳᠤ ᠬᠦᠴᠦᠨ ᠴᠢᠳ᠋ᠠᠯ ᠶᠢᠡᠨ ᠡᠷᠭᠦᠨ᠎ᠠ ᠭᠡᠵᠦ ᠢᠯᠡᠷᠬᠡᠢ᠌ᠯᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠸᠠᠩ ᠬᠤᠩ ᠬᠤᠸᠠ ᠬᠡᠰᠡᠭ᠌ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠣᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ
ᠳᠠᠷᠠᠭᠠᠬᠢ᠄ ᠬᠦᠪᠡᠭᠡᠳ᠋ᠦ ᠰᠢᠷ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠭᠤᠷᠢᠨ ᠪᠠᠢ᠌ᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠪᠠ