ᠬᠦᠪᠡᠭᠡᠳ᠋ᠦ ᠰᠢᠷ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠭᠤᠷᠢᠨ ᠪᠠᠢ᠌ᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠪᠠ

9 ᠰᠠᠷ᠎ᠠ ᠶᠢᠨ 5 ᠤ ᠡᠳ᠋ᠦᠷ ᠡᠴᠡ 6 ᠤ ᠡᠳ᠋ᠦᠷ ᠪᠤᠯᠳ᠋ᠠᠯ᠎ᠠ᠂ ᠰᠢᠯᠢᠩᠭ᠋ᠤᠤᠯ ᠠᠢ᠌ᠮᠠᠭ ᠤᠨ ᠬᠦᠪᠡᠭᠡᠳ᠋ᠦ ᠰᠢᠷ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠵᠤᠷᠢᠭᠳ᠋ᠤ ᠲᠤᠭᠤᠷᠢᠨ ᠪᠠᠢ᠌ᠴᠠᠭᠠᠬᠤ ᠪᠦᠯᠬᠦᠮ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠤᠳ᠋ᠤ ᠦᠶ᠎ᠠ ᠶᠢᠨ ᠮᠠᠯ ᠠᠵᠤ ᠠᠬᠤᠢ ᠵᠢᠴᠢ ᠰᠤᠶᠤᠯ ᠵᠢᠭᠤᠯᠴᠢᠯᠠᠯ ᠤᠨ ᠦᠢᠯᠡᠰ ᠤᠨ ᠬᠦᠭ᠍ᠵᠢᠯᠳ᠋ᠡ᠂ ᠬᠤᠪᠢᠰᠬᠠᠯ ᠤᠨ ᠰᠤᠷᠭᠠᠨ ᠬᠦᠮᠦᠵᠢᠯ ᠵᠡᠷᠭᠡ ᠠᠵᠢᠯ ᠢ ᠲᠤᠭᠤᠷᠢᠨ ᠪᠠᠢ᠌ᠴᠠᠭᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠵᠤ ᠲᠤᠭᠤᠷᠢᠨ ᠪᠠᠢ᠌ᠴᠠᠭᠠᠪᠠ᠃

ᠲᠤᠭᠤᠷᠢᠨ ᠪᠠᠢ᠌ᠴᠠᠭᠠᠬᠤ ᠪᠦᠯᠬᠦᠮ ᠤᠨ ᠬᠢᠨ ᠤᠷᠢᠳ ᠬᠤᠵᠢᠳ ᠵᠠᠷᠤᠳ ᠬᠤᠰᠢᠭᠤᠨ ᠤ ᠪᠠᠷ ᠵᠢᠷᠤᠭ ᠤᠨ ᠬᠦᠷᠢᠶᠡᠯᠡᠩ᠂ ᠯᠦ᠋ᠪᠸᠢ ᠪᠠᠯᠭᠠᠰᠤᠨ ᠤ ᠰᠢᠶᠤᠤ ᠡᠾᠸᠢ ᠱᠠᠨ ᠰᠦ᠋ ᠶᠢᠨ ᠦᠨᠢᠶ᠎ᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ᠂ ᠯᠦ᠋ᠪᠸᠢ ᠪᠠᠯᠭᠠᠰᠤᠨ ᠤ ᠶᠸᠦ ᠶᠤᠸᠠᠨ ᠴᠠᠭᠠᠨ ᠢᠳ᠋ᠡᠭᠡᠨ ᠤ ᠦᠢᠯᠡᠳᠪᠦᠷᠢ᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠮᠠᠦ ᠽᠸ ᠳ᠋ᠦ᠋ᠩ ᠤᠨ ᠬᠦᠷᠦᠭ᠌ ᠲᠡᠮᠳ᠋ᠡᠭ᠌ ᠢ ᠨᠠᠨᠳ᠋ᠢᠩᠨᠠᠨ ᠬᠠᠳ᠋ᠠᠭᠠᠯᠠᠬᠤ ᠤᠷᠳ᠋ᠤᠨ᠂ ᠵᠠᠷᠤᠳ ᠬᠤᠰᠢᠭᠤᠨ ᠤ ᠡᠮᠦᠨ᠎ᠠ ᠪᠤᠯᠠᠭᠳ᠋ᠤ ᠮᠦ᠋ᠽᠸᠢ ᠶᠢᠨ ᠤᠷᠳ᠋ᠤᠨ ᠳᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ ᠮᠠᠨ ᠤ ᠬᠤᠰᠢᠭᠤᠨ ᠤ ᠰᠤᠶᠤᠯ ᠵᠢᠭᠤᠯᠴᠢᠯᠠᠯ ᠪᠠ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃
ᠲᠤᠭᠤᠷᠢᠨ ᠪᠠᠢ᠌ᠴᠠᠭᠠᠬᠤ ᠪᠦᠯᠬᠦᠮ ᠤᠨ ᠬᠢᠨ ᠮᠠᠨ ᠤ ᠬᠤᠰᠢᠭᠤᠨ ᠤ ᠡᠯ᠎ᠠ ᠲᠦ᠋ᠷᠦᠯ ᠤᠨ ᠠᠵᠢᠯ ᠤᠨ ᠲᠤᠮᠳ᠋ᠠ ᠤᠯᠤᠭᠰᠠᠨ ᠠᠮᠵᠢᠯᠳ᠋ᠡ ᠶᠢ ᠲᠡᠭᠡᠳ᠋ᠦ ᠬᠡᠮᠵᠢᠶ᠎ᠠ ᠪᠠᠷ ᠦᠨᠡᠯᠡᠬᠦ ᠶᠢᠨ ᠬᠠᠮᠳ᠋ᠤ ᠮᠠᠨ ᠤ ᠬᠤᠰᠢᠭᠤᠨ ᠤ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳ᠋ᠠᠯ ᠢ ᠨᠠᠷᠢᠨ ᠬᠢᠨᠠᠮᠠᠭᠠᠢ ᠰᠤᠷᠤᠯᠴᠠᠨ ᠲᠤᠯᠢ ᠪᠤᠯᠭᠠᠵᠤ᠂ ᠬᠤᠶᠠᠷ ᠭᠠᠵᠠᠷ ᠤᠨ ᠬᠢᠨ ᠲᠤᠰ ᠲᠤᠰ ᠤᠨ ᠲᠠᠪᠠᠭᠤᠯᠢᠭ ᠶᠢᠡᠨ ᠭᠦᠢᠴᠡᠳ ᠪᠠᠳ᠋ᠠᠷᠠᠭᠤᠯᠤᠨ᠂ ᠶᠠᠪᠤᠯᠴᠠᠭ᠎ᠠ ᠰᠤᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠷᠢᠯᠴᠡᠨ ᠰᠤᠷᠤᠯᠴᠠᠵᠤ ᠲᠤᠯᠢ ᠪᠤᠯᠭᠠᠨ᠂ ᠬᠠᠮᠳ᠋ᠤᠪᠠᠷ ᠭᠠᠷ ᠬᠤᠯᠪᠤᠨ ᠬᠤᠶᠠᠷ ᠭᠠᠵᠠᠷ ᠤᠨ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠲᠦ᠋ᠯᠬᠢᠨ ᠠᠬᠢᠭᠤᠯᠤᠶ᠎ᠠ ᠭᠡᠵᠦ ᠢᠯᠡᠳᠭᠡᠪᠡ᠃ (ᠨᠠᠢ᠌ᠷᠠᠭᠤᠯᠤᠭᠴᠢ᠄ ᠯᠸᠢ ᠫᠠᠩ)