ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠰᠢᠦᠢ ᠼᠠᠢ ᠲᠤᠰᠬᠤᠨ ᠤ ᠬᠦᠭ᠍ᠵᠢᠯᠳ᠋ᠡ ᠶᠢᠨ᠁
ᠰᠢᠦᠢ ᠼᠠᠢ ᠲᠤᠰᠬᠤᠨ ᠤ ᠬᠦᠭ᠍ᠵᠢᠯᠳ᠋ᠡ ᠶᠢᠨ ᠲᠦ᠋ᠯᠦᠭᠡ ᠦᠨᠡᠨ ᠰᠡᠳᠭᠢᠯ ᠶᠢᠡᠷ ᠶᠢᠡᠨ ᠠᠷᠠᠳ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠪᠠᠢ᠌ᠭ᠎ᠠ

  ᠲᠡᠷᠡ ᠪᠤᠯ ᠰᠢᠨ ᠱᠸᠩ ᠲᠤᠰᠬᠤᠨ ᠤ《ᠲᠦ᠋ᠰᠢᠭ᠌ ᠲᠤᠯᠭᠠᠭᠤᠷᠢ》᠂ ᠠᠷᠠᠳ ᠲᠦ᠋ᠮᠡᠨ ᠤ ᠰᠡᠳᠭᠢᠯ ᠳ᠋ᠡᠬᠢ《ᠭᠡᠷ ᠤᠨ ᠡᠵᠡᠨ》᠂ ᠨᠤᠳ᠋ᠤᠭ ᠤᠨ ᠠᠬ᠎ᠠ ᠲᠡᠭᠦᠦ ᠨᠡᠷ ᠤᠨ 《ᠤᠷᠤᠯᠠᠨ ᠦᠭᠦᠯᠡᠭ᠍ᠴᠢ》ᠮᠦ᠋ᠨ᠃ ᠲᠡᠷᠡ ᠦᠨᠡᠨᠴᠢ ᠰᠡᠳᠭᠢᠯ ᠶᠢᠡᠷ ᠠᠵᠢᠯ ᠤᠨ ᠪᠠᠢ᠌ᠷᠢ ᠪᠠᠨ ᠪᠠᠳ᠋ᠤ ᠰᠠᠬᠢᠨ᠂ ᠴᠠᠭ ᠢᠮᠠᠭᠳ᠋ᠠ ᠠᠷᠠᠳ ᠲᠦ᠋ᠮᠡᠨ ᠢ ᠪᠤᠳ᠋ᠤᠯᠬᠢᠯᠠᠵᠤ᠂ ᠠᠷᠠᠳ ᠤᠨ ᠬᠦᠴᠢᠷ ᠵᠤᠪᠠᠭᠤᠷᠢ ᠶᠢ ᠰᠢ᠌ᠳᠪᠦᠷᠢᠯᠡᠨ᠂ ᠲᠤᠰᠬᠤᠨ ᠤ ᠶᠠᠪᠤᠳ᠋ᠠᠯ ᠪᠤᠯᠭᠠᠨ ᠢ ᠪᠦᠬᠦ ᠬᠦᠴᠦ ᠪᠠᠷ ᠶᠢᠡᠨ ᠰᠠᠢ᠌ᠳ᠋ᠤᠷ ᠬᠢᠵᠦ᠂ ᠲᠤᠰᠬᠤᠨ ᠶᠢᠡᠨ ᠬᠡᠷᠬᠢᠨ ᠨᠡᠩ ᠰᠠᠢ᠌ᠨ ᠬᠦᠭ᠍ᠵᠢᠭᠦᠯᠬᠦ᠂ ᠲᠤᠰᠬᠤᠨ ᠤ ᠠᠮᠢᠳ᠋ᠤᠷᠠᠯ ᠢ ᠬᠡᠷᠬᠢᠨ ᠨᠡᠩ ᠪᠠᠶᠠᠨ ᠴᠢᠨᠡᠭᠡᠯᠢᠭ᠌ ᠪᠤᠯᠭᠠᠬᠤ ᠶᠠᠪᠤᠳ᠋ᠠᠯ ᠢ ᠬᠠᠮᠤᠭ ᠤᠨ ᠴᠢᠬᠤᠯᠠ ᠪᠠᠢ᠌ᠷᠢᠨ ᠳᠤ ᠲᠠᠯᠪᠢᠨ᠂ ᠨᠢᠭᠡᠨ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ ᠪᠤᠢ᠂ ᠲᠡᠷᠡ ᠪᠤᠯ ᠯᠦ᠋ᠪᠸᠢ ᠪᠠᠯᠭᠠᠰᠤᠨ ᠤ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠯᠦ᠋ᠪᠸᠢ ᠪᠠᠯᠭᠠᠰᠤᠨ ᠤ ᠰᠢᠨ ᠱᠸᠩ ᠲᠤᠰᠬᠤᠨ ᠤ ᠨᠠᠮ ᠤᠨ ᠡᠭᠦᠷ ᠤᠨ ᠱᠦ᠋ᠵᠢ᠂ ᠲᠤᠰᠬᠤᠨ ᠤ ᠡᠷᠬᠢᠯᠡᠭ᠍ᠴᠢ ᠪᠤᠯᠤᠨ᠎ᠠ᠃

       
        ᠲᠦ᠋ᠭᠡᠭᠡᠯ ᠤᠰᠤᠨ ᠤ ᠬᠤᠭᠤᠯᠠᠢ ᠶᠢᠨ ᠲᠤᠤᠷ ᠬᠠᠭᠤᠴᠢᠷᠠᠨ᠂ ᠤᠰᠤ ᠭᠤᠭᠤᠵᠢᠵᠤ ᠪᠠᠢ᠌ᠬᠤ ᠠᠰᠠᠭᠤᠳ᠋ᠠᠯ ᠨᠢ ᠰᠢᠨ ᠱᠸᠩ ᠲᠤᠰᠬᠤᠨ ᠤ ᠠᠷᠠᠳ ᠢ ᠭᠠᠴᠢᠭᠳ᠋ᠠᠭᠤᠯᠵᠤ ᠪᠠᠢ᠌ᠯ᠎ᠠ᠃ ᠰᠢᠦᠢ ᠼᠠᠢ ᠤᠯᠠᠨ ᠳᠤ ᠴᠡᠪᠡᠷ ᠲᠦ᠋ᠭᠡᠭᠡᠯ ᠤᠰᠣ ᠤᠤᠭᠤᠯᠭᠠᠬᠤ ᠶᠢᠨ ᠲᠦ᠋ᠯᠦᠭᠡ᠂ ᠤᠯᠠᠨ ᠲᠠᠯ᠎ᠠ ᠪᠠᠷ ᠨᠡᠪᠳ᠋ᠡᠷᠯᠴᠡᠨ᠂ ᠲᠤᠰᠬᠠᠢ ᠮᠡᠷᠭᠡᠵᠢᠯᠳ᠋ᠡᠨ ᠢ ᠤᠷᠢᠨ ᠵᠢᠷᠤᠭ ᠲᠦ᠋ᠯᠦᠪᠯᠡᠭᠡ ᠬᠢᠵᠦ᠂ ᠪᠠᠷᠢᠯᠭ᠎ᠠ ᠶᠢᠨ ᠬᠡᠪᠴᠢᠶ᠎ᠠ ᠶᠢ ᠪᠤᠳ᠋ᠤᠨ᠂ ᠬᠤᠰᠢᠭᠤᠨ ᠤ ᠤᠰᠤᠨ ᠤ ᠶᠠᠪᠤᠳ᠋ᠠᠯ ᠤᠨ ᠲᠤᠪᠴᠢᠶ᠎ᠠ ᠶᠢᠨ ᠤᠰᠤ ᠬᠠᠩᠭ᠋ᠠᠬᠤ ᠪᠠᠳ᠋ᠤᠯᠠᠭ᠎ᠠ ᠶᠢᠨ ᠲᠦ᠋ᠷᠦᠯ ᠵᠦ᠋ᠢᠯ ᠢ ᠭᠤᠶᠤᠴᠢᠯᠡᠨ ᠲᠡᠪᠰᠢᠭᠦᠯᠵᠦ᠂ ᠲᠡᠭᠦᠨ ᠤ ᠴᠦ᠋ᠬᠦᠷᠡᠰᠢ ᠦᠭᠡᠶ ᠴᠢᠷᠮᠠᠢ᠌ᠯᠭ᠎ᠠ ᠪᠠ ᠢᠳ᠋ᠡᠪᠬᠢᠳ᠋ᠠᠢ ᠠᠬᠢᠭᠤᠯᠤᠯ ᠲᠤᠤᠷ᠎ᠠ᠂ ᠤᠰᠤ ᠬᠠᠩᠭ᠋ᠠᠬᠤ ᠪᠠᠳ᠋ᠤᠯᠠᠭ᠎ᠠ ᠶᠢᠨ ᠲᠦ᠋ᠷᠦᠯ ᠵᠦ᠋ᠢᠯ ᠢ 2022 ᠤᠨ ᠤ 5 ᠰᠠᠷ᠎ᠠ ᠳᠤ ᠤᠷᠤᠭᠰᠢᠳ᠋ᠠᠢ ᠠᠵᠢᠯ ᠡᠬᠢᠯᠡᠭᠦᠯᠦᠨ᠂ ᠨᠢᠭᠡᠨᠳ᠋ᠡ ᠰᠡᠭᠦᠯ ᠬᠤᠷᠢᠶᠠᠬᠤ ᠱᠠᠳ᠋ᠤᠨ ᠳᠤ ᠤᠷᠤᠵᠤ᠂ ᠵᠢᠱᠢᠯᠳ᠋ᠡ ᠪᠠᠷ 7 ᠰᠠᠷ᠎ᠠ ᠶᠢᠨ ᠰᠡᠭᠦᠯᠴᠢ ᠡᠴᠡ ᠡᠮᠦᠨ᠎ᠠ ᠠᠰᠢᠭᠯᠠᠯᠳ᠋ᠠ ᠳᠤ ᠤᠷᠤᠭᠤᠯᠪᠠ᠃ ᠤᠯᠠᠨ ᠲᠦ᠋ᠮᠡᠨ ᠳᠤ ᠨᠡᠩ ᠰᠠᠢ᠌ᠳ᠋ᠤᠷ ᠦᠢᠯᠡᠴᠢᠯᠡᠬᠦ ᠶᠢᠨ ᠲᠦ᠋ᠯᠦᠭᠡ᠂《ᠨᠢᠭᠡ ᠦᠷᠳ᠋ᠡᠭᠡ》 ᠶᠢᠨ ᠦᠢᠯᠡᠴᠢᠯᠡᠭᠡ ᠪᠠᠢ᠌ᠭᠤᠯᠵᠤ᠂ ᠦᠨᠳ᠋ᠦᠰᠦᠨ ᠱᠠᠳ᠋ᠤᠨ ᠤ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠤᠯᠠᠨ ᠲᠦ᠋ᠮᠡᠨ ᠳᠤ ᠦᠢᠯᠡᠴᠢᠯᠡᠬᠦ ᠴᠢᠳ᠋ᠠᠪᠤᠷᠢ ᠶᠢ ᠲᠡᠭᠡᠭ᠍ᠰᠢᠯᠡᠭᠦᠯᠪᠡ᠃

        
        ᠰᠢᠨ ᠱᠸᠩ ᠲᠤᠰᠬᠤᠨ ᠪᠤᠯ ᠶᠠᠳ᠋ᠠᠭᠤ ᠡᠴᠡ ᠠᠩᠭᠢᠵᠢᠷᠠᠭᠰᠠᠨ ᠲᠤᠰᠬᠤᠨ ᠪᠤᠯᠤᠨ᠎ᠠ᠂ 223 ᠡᠷᠦᠬᠡ 522 ᠬᠦᠮᠦᠨ ᠢ ᠶᠠᠳ᠋ᠠᠭᠤ ᠡᠴᠡ ᠠᠩᠭᠢᠵᠢᠷᠠᠭᠤᠯᠵᠤ᠂ ᠶᠠᠳ᠋ᠠᠭᠤ ᠡᠴᠡ ᠠᠩᠭᠢᠵᠢᠷᠠᠭᠰᠠᠨ ᠬᠦᠮᠦᠨ ᠠᠮᠠ ᠶᠢᠨ ᠰᠠᠭᠤᠷᠢ ᠲᠤᠭ᠎ᠠ ᠶᠡᠬᠡ᠂ ᠶᠠᠳ᠋ᠠᠭᠤ ᠡᠴᠡ ᠠᠩᠭᠢᠵᠢᠷᠠᠭᠤᠯᠬᠤ ᠪᠤᠭᠤᠮᠳ᠋ᠠ ᠰᠢᠪᠳ᠋ᠤᠯᠬᠤ ᠦᠷ᠎ᠠ ᠪᠦᠳ᠋ᠦᠭᠡᠯ ᠢ ᠪᠡᠬᠢᠵᠢᠭᠦᠯᠬᠦ ᠡᠭᠦᠷᠭᠡ ᠬᠠᠳ᠋ᠠᠭᠤᠵᠢᠯᠳ᠋ᠠᠢ ᠪᠠᠢ᠌ᠪᠠ᠃ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠰᠢᠦᠢ ᠼᠠᠢ ᠢᠮᠠᠭᠳ᠋ᠠ ᠶᠠᠳ᠋ᠠᠭᠤ ᠡᠴᠡ ᠠᠩᠭᠢᠵᠢᠷᠠᠭᠤᠯᠬᠤ ᠪᠤᠭᠤᠮᠳ᠋ᠠ ᠰᠢᠪᠳ᠋ᠤᠯᠤᠭᠰᠠᠨ ᠦᠷ᠎ᠠ ᠪᠦᠳ᠋ᠦᠭᠡᠯ ᠢ ᠪᠡᠬᠢᠵᠢᠭᠦᠯᠦᠨ ᠦᠷᠭᠡᠳᠭᠡᠬᠦ ᠠᠵᠢᠯ ᠢ ᠴᠢᠬᠤᠯᠠ ᠪᠠᠢ᠌ᠷᠢᠨ ᠳᠤ ᠲᠠᠯᠪᠢᠵᠤ᠂ ᠲᠠᠬᠢᠨ ᠶᠠᠳ᠋ᠠᠭᠤᠷᠠᠬᠤ ᠶᠢ ᠰᠡᠷᠭᠡᠢ᠌ᠯᠡᠬᠦ ᠬᠦᠳ᠋ᠡᠯᠦᠩᠭᠦᠢ ᠬᠢᠨᠠᠨ ᠬᠡᠮᠵᠢᠯᠳ᠋ᠡ ᠪᠠ ᠬᠠᠪᠰᠤᠷᠤᠨ ᠲᠡᠳᠭᠦᠬᠦ ᠲᠤᠭᠳ᠋ᠠᠴᠠ ᠶᠢᠨ ᠠᠵᠢᠯ ᠤᠨ ᠭᠤᠤᠯᠳ᠋ᠠᠯᠭ᠎ᠠ ᠳᠤ ᠠᠩᠬᠠᠷᠤᠯ ᠶᠢᠡᠨ ᠲᠦ᠋ᠪᠯᠡᠷᠡᠭᠦᠯᠵᠦ᠂ ᠰᠢᠨ᠎ᠠ ᠪᠠᠷ ᠢᠯᠭᠠᠨ ᠲᠠᠨᠢᠭᠰᠠᠨ 2 ᠡᠷᠦᠭᠡ ᠶᠢᠨ ᠠᠮᠠᠷᠬᠠᠨ ᠶᠠᠳ᠋ᠠᠭᠤᠷᠠᠬᠤ ᠪᠠ ᠶᠠᠳ᠋ᠠᠭᠤᠷᠠᠭᠰᠠᠨ ᠡᠷᠦᠭᠡ ᠶᠢᠨ ᠪᠠᠢ᠌ᠳ᠋ᠠᠯ ᠳᠤ ᠴᠢᠭᠯᠡᠭᠦᠯᠦᠨ ᠬᠠᠨᠳ᠋ᠤᠯᠭᠠᠳ᠋ᠤ ᠴᠢᠨᠠᠷᠳ᠋ᠠᠢ ᠬᠠᠪᠰᠤᠷᠤᠨ ᠲᠡᠳᠭᠦᠬᠦ ᠲᠦ᠋ᠯᠦᠪᠯᠡᠭᠡ ᠶᠢ ᠲᠤᠭᠳ᠋ᠠᠭᠠᠭᠰᠠᠨ ᠪᠦᠭᠡᠳ ᠲᠦ᠋ᠷ ᠴᠠᠭ ᠤᠨ ᠠᠪᠤᠷᠠᠨ ᠲᠤᠰᠠᠯᠠᠬᠤ ᠠᠵᠢᠯᠯᠠᠭ᠎ᠠ ᠦᠷᠨᠢᠭᠦᠯᠪᠡ᠃

        
        ᠠᠷᠠᠳ ᠤᠨ ᠲᠦ᠋ᠯᠦᠭᠡᠯᠡᠭ᠍ᠴᠢ ᠪᠠᠷ ᠰᠤᠩᠭ᠋ᠤᠭᠳ᠋ᠠᠭᠰᠠᠨ ᠤ ᠲᠠᠷᠠᠭ᠎ᠠ᠂ ᠰᠢᠦᠢ ᠼᠠᠢ《ᠠᠷᠠᠳ ᠢᠷᠭᠡᠳ ᠤᠨ ᠠᠰᠢᠭ ᠲᠤᠰᠠ ᠠᠯᠢᠪᠠ ᠡᠴᠡ ᠡᠷᠬᠢᠮ ᠲᠡᠭᠡᠳ᠋ᠦ》ᠪᠠᠢ᠌ᠬᠤ ᠶᠢ ᠢᠮᠠᠭᠳ᠋ᠠ ᠪᠠᠷᠢᠮᠳ᠋ᠠᠯᠠᠨ᠂ ᠠᠷᠠᠳ ᠲᠦ᠋ᠮᠡᠨ ᠳᠤ ᠦᠢᠯᠡᠴᠢᠯᠡᠬᠦ ᠬᠠᠢ᠌ᠷ᠎ᠠ ᠰᠡᠳᠭᠢᠯᠭᠡ ᠪᠠᠨ ᠢᠮᠠᠭᠳ᠋ᠠ ᠪᠠᠳ᠋ᠤ  ᠴᠡᠭᠡᠵᠢᠯᠡᠪᠡ᠃ ᠰᠢᠦᠢ ᠼᠠᠢ ᠲᠤᠰᠬᠤᠨ ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ ᠲᠤᠰᠬᠤᠨ ᠤ ᠬᠠᠮᠳ᠋ᠤ ᠶᠢᠨ ᠠᠵᠤ ᠠᠬᠤᠢ ᠶᠢ ᠪᠤᠵᠠᠭᠠᠢ᠌ᠷᠠᠭᠤᠯᠤᠨ᠂ ᠰᠢᠨ ᠱᠸᠩ ᠲᠤᠰᠬᠤᠨ ᠤ ᠲᠡᠵᠢᠭᠡᠨ ᠦᠷᠡᠵᠢᠭᠦᠯᠬᠦ ᠬᠤᠷᠰᠢᠶᠠᠵᠢᠯ ᠪᠠ ᠲᠡᠵᠢᠭᠡᠨ ᠦᠷᠡᠵᠢᠭᠦᠯᠬᠦ ᠲᠠᠯᠠᠪᠠᠢ ᠶᠢ ᠪᠠᠢ᠌ᠭᠤᠯᠵᠤ᠂ ᠲᠤᠰᠬᠤᠨ ᠬᠤᠯᠪᠤᠭᠠᠯᠠᠨ ᠬᠠᠮᠳ᠋ᠤᠪᠠᠷ ᠪᠠᠢ᠌ᠭᠤᠯᠬᠤ ᠵᠠᠭᠪᠤᠷ ᠢ ᠬᠡᠷᠡᠭᠯᠡᠨ᠂ ᠦᠬᠡᠷ ᠲᠡᠵᠢᠭᠡᠬᠦ ᠠᠵᠤ ᠦᠢᠯᠡᠰ ᠢ ᠪᠤᠢ᠌ᠵᠢᠭᠤᠯᠤᠨ ᠬᠦᠭ᠍ᠵᠢᠭᠦᠯᠵᠦ᠂ ᠲᠤᠰᠬᠤᠨ ᠤ ᠬᠠᠮᠳ᠋ᠤ ᠶᠢᠨ ᠠᠵᠤ ᠠᠬᠤᠢ ᠶᠢᠨ ᠬᠦᠭ᠍ᠵᠢᠯᠳ᠋ᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠦᠬᠡᠷ ᠲᠡᠵᠢᠭᠡᠵᠦ ᠪᠠᠶᠠᠵᠢᠬᠤ ᠶᠢ ᠲᠠᠢ᠌ᠴᠢᠯᠠᠪᠠ᠃ ᠤᠳ᠋ᠤᠬᠠᠨ ᠳᠤ᠂ ᠰᠢᠨ ᠱᠸᠩ ᠲᠤᠰᠬᠤᠨ ᠤ ᠲᠡᠵᠢᠭᠡᠨ ᠦᠷᠡᠵᠢᠭᠦᠯᠬᠦ ᠲᠠᠯᠠᠪᠠᠢ ᠳᠤ 230 ᠭᠠᠷᠤᠢ ᠦᠬᠡᠷ ᠲᠡᠵᠢᠭᠡᠵᠦ᠂ ᠲᠤᠰᠬᠤᠨ ᠤ ᠬᠠᠮᠳ᠋ᠤ ᠶᠢᠨ ᠠᠵᠤ ᠠᠬᠤᠢ ᠶᠢᠨ ᠤᠷᠤᠯᠭ᠎ᠠ ᠵᠢᠯ ᠳᠤ 10 ᠲᠦ᠋ᠮᠡᠨ ᠲᠦ᠋ᠭᠦᠷᠢᠭ᠌ ᠨᠡᠮᠡᠭ᠍ᠳ᠋ᠡᠪᠡ᠃

        
        ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠰᠢᠦᠢ ᠼᠠᠢ ᠴᠠᠭ ᠢᠮᠠᠭᠳ᠋ᠠ ᠠᠷᠠᠳ ᠲᠦ᠋ᠮᠡᠨ ᠳᠤ ᠦᠢᠯᠡᠴᠢᠯᠡᠬᠦ ᠡᠷᠡᠰ ᠪᠠᠳ᠋ᠤ ᠢᠳ᠋ᠡᠭᠡᠯ ᠪᠢᠰᠢᠷᠡᠯ ᠢ ᠪᠠᠷᠢᠮᠳ᠋ᠠᠯᠠᠨ᠂ ᠡᠯ᠎ᠠ ᠵᠦ᠋ᠢᠯ ᠤᠨ ᠠᠵᠢᠯ ᠢ ᠠᠬᠢᠭᠤᠯᠬᠤ ᠲᠤᠮᠳ᠋ᠠ ᠪᠡᠶᠡᠴᠢᠯᠡᠨ ᠤᠷᠤᠯᠴᠠᠵᠤ᠂ ᠪᠦᠬᠦ ᠲᠤᠰᠬᠤᠨ ᠤ ᠤᠯᠠᠨ ᠲᠦ᠋ᠮᠡᠨ ᠢ ᠲᠠᠭᠠᠭᠤᠯᠤᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠬᠦᠴᠦᠯᠡᠨ ᠠᠬᠢᠭᠤᠯᠵᠤ᠂ ᠰᠢᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢ ᠶᠢᠨ ᠤᠶᠤᠨ ᠰᠠᠨᠠᠭᠠᠨ ᠤ ᠲᠦ᠋ᠷᠰᠦ ᠪᠠᠢ᠌ᠳ᠋ᠠᠯ ᠢ ᠬᠦᠢᠴᠡᠳ ᠢᠯᠡᠷᠡᠭᠦᠯᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠺᠠᠢ᠌ᠯᠤ ᠰᠢᠶᠠᠨ ᠳᠤ ᠬᠦᠷᠴᠦ ᠲᠤᠭᠤᠷᠢᠨ ᠦᠵᠡᠵᠦ ᠰᠤᠷᠤᠯᠴᠠᠪᠠ
ᠳᠠᠷᠠᠭᠠᠬᠢ᠄ ᠰᠢᠶᠠᠩᠱᠠᠨ ᠪᠠᠯᠭᠠᠰᠤ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ ᠵᠠᠬᠢᠳ᠋ᠠᠯ ᠰᠤᠷᠪᠤᠯᠵᠢᠯᠠᠭ᠎ᠠ ᠪᠠ ᠲᠤᠭᠳ᠋ᠠᠭᠤᠨ ᠢ ᠬᠠᠮᠠᠭᠠᠯᠠᠬᠤ ᠠᠵᠢᠯ ᠳᠤ ᠬᠦᠴᠦᠨ ᠨᠡᠮᠡᠷᠢᠯᠡᠵᠦ ᠪᠠᠢ᠌ᠨ᠎ᠠ