ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ 2022 ᠤᠨ ᠤ ᠨᠢ᠋ᠮᠠᠨ ᠰᠠᠷ᠎ᠠ ᠶᠢᠨ ᠲᠡᠷᠭᠡᠯ ᠪᠠᠶᠠᠷ ᠪᠤᠯᠤᠨ ᠤᠯᠤᠰ ᠤᠨ ᠪᠠᠶᠠᠷ ᠤᠨ ᠬᠤᠭᠤᠴᠠᠭᠠᠨ ᠳ᠋ᠡᠬᠢ ᠰᠠᠬᠢᠯᠭ᠎ᠠ ᠪᠠᠳ᠋ᠤ ᠬᠡᠪ ᠰᠤᠷᠳ᠋ᠠᠯ ᠢ ᠴᠢᠩᠳ᠋ᠠᠯᠠᠨ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠬᠤ ᠶᠢ ᠴᠢᠩᠭ᠋ᠠᠳᠬᠠᠬᠤ ᠵᠢᠴᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠬᠤᠷᠠᠯᠳ᠋ᠤᠪᠠ

9 ᠰᠠᠷ᠎ᠠ ᠶᠢᠨ 8 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ 2022 ᠤᠨ ᠤ ᠨᠢ᠋ᠮᠠᠨ ᠰᠠᠷ᠎ᠠ ᠶᠢᠨ ᠲᠡᠷᠭᠡᠯ ᠪᠠᠶᠠᠷ ᠪᠤᠯᠤᠨ ᠤᠯᠤᠰ ᠤᠨ ᠪᠠᠶᠠᠷ ᠤᠨ ᠬᠤᠭᠤᠴᠠᠭᠠᠨ ᠳ᠋ᠡᠬᠢ ᠰᠠᠬᠢᠯᠭ᠎ᠠ ᠪᠠᠳ᠋ᠤ ᠬᠡᠪ ᠰᠤᠷᠳ᠋ᠠᠯ ᠢ ᠴᠢᠩᠳ᠋ᠠᠯᠠᠨ᠂ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠬᠤ ᠶᠢ ᠴᠢᠩᠭ᠋ᠠᠳᠬᠠᠬᠤ ᠵᠢᠴᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠬᠤᠷᠠᠯᠳ᠋ᠤᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠪᠡ᠃

ᠯᠢ ᠴᠸᠩ ᠭᠦᠸᠸ ᠡᠴᠡ《2022 ᠤᠨ ᠤ ᠨᠢ᠋ᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳ᠋ᠡᠬᠢ 〈ᠲᠦ᠋ᠷᠪᠡᠨ ᠰᠤᠷᠳ᠋ᠠᠯ〉 ᠢ ᠵᠠᠯᠠᠷᠠᠭᠤᠯᠤᠨ ᠰᠢᠨ᠎ᠠ ᠰᠤᠷᠳ᠋ᠠᠯ ᠢ ᠪᠤᠢ ᠪᠤᠯᠭᠠᠬᠤ ᠳᠤ ᠬᠢᠨᠠᠯᠳ᠋ᠠ ᠲᠠᠯᠪᠢᠵᠤ ᠰᠠᠬᠢᠯᠭ᠎ᠠ ᠪᠠᠳ᠋ᠤ ᠬᠡᠷᠡᠭ᠍ᠵᠢᠭᠦᠯᠬᠦ ᠠᠵᠢᠯ ᠤᠨ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶ᠎ᠠ ᠶᠢᠨ ᠠᠯᠪᠠᠨ ᠭᠡᠷ ᠤᠨ ᠮᠡᠳ᠋ᠡᠭ᠍ᠳ᠋ᠡᠯ》 ᠢ ᠤᠯᠠᠮᠵᠢᠯᠡᠨ ᠲᠠᠷᠬᠠᠭᠠᠭᠰᠠᠨ ᠪᠦᠭᠡᠳ ᠪᠦᠬᠦ ᠨᠠᠮ ᠤᠨ ᠭᠡᠰᠢᠭᠦᠨ ᠺᠠᠳ᠋ᠷᠴᠤᠳ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠦᠵᠡᠯᠳ᠋ᠡ ᠲᠠᠨᠢᠯᠳ᠋ᠡ ᠪᠠᠨ ᠦᠨᠡᠨᠬᠦ ᠴᠢᠩᠭ᠋ᠠᠳᠬᠠᠵᠤ᠂ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠬᠤ ᠶᠢ ᠴᠠᠭ ᠢᠮᠠᠭᠳ᠋ᠠ ᠴᠢᠩᠭ᠋ᠠᠳᠬᠠᠨ᠂ ᠱᠠᠯᠢᠨ ᠪᠦᠷᠢᠯᠭᠡᠬᠦ ᠵᠡᠷᠭᠡ ᠮᠠᠭᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭ᠍ᠳ᠋ᠠᠢ︔ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠠᠮᠢᠶ᠎ᠠ ᠪᠦᠬᠦᠢ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠪᠠᠷ᠂ ᠬᠢᠵᠢᠭ᠌ ᠢ ᠰᠡᠷᠭᠡᠢ᠌ᠯᠡᠬᠦ ᠪᠠᠢ᠌ᠳ᠋ᠠᠯ ᠢ ᠤᠨᠤᠪᠴᠢᠳ᠋ᠠᠢ ᠡᠵᠡᠮᠳ᠋ᠡᠨ᠂ ᠠᠶᠤᠯ ᠲᠦ᠋ᠭ᠍ᠰᠢᠭᠦᠷᠢᠳ᠋ᠦ ᠤᠬᠠᠮᠰᠡᠷ ᠢ ᠴᠢᠩᠭ᠋ᠠᠳᠬᠠᠵᠦ᠂ ᠡᠯ᠎ᠠ ᠲᠦ᠋ᠷᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠴᠢᠩᠭ᠎ᠠ ᠪᠤᠳ᠋ᠠᠳ᠋ᠠᠢ ᠨᠠᠷᠢᠯᠢᠭ ᠠᠳᠬᠤᠬᠤ ᠬᠡᠷᠡᠭ᠍ᠳ᠋ᠠᠢ︔ ᠠᠶᠤᠯ ᠲᠦ᠋ᠭ᠍ᠰᠢᠭᠦᠷᠢᠳ᠋ᠦ ᠲᠠᠯᠳ᠋ᠠ ᠭᠡᠮ ᠢ ᠵᠢᠭᠰᠠᠭᠠᠨ ᠪᠠᠢ᠌ᠴᠠᠭᠠᠵᠤ᠂ ᠠᠮᠤᠷ ᠲᠦ᠋ᠪᠰᠢᠨ ᠤ ᠪᠠᠳ᠋ᠤᠯᠠᠭ᠎ᠠ ᠶᠢᠨ ᠲᠦ᠋ᠷᠢᠮ ᠪᠠ ᠪᠠᠢ᠌ᠭᠤᠯᠭ᠎ᠠ ᠶᠢᠨ ᠠᠯᠪᠠᠨ ᠳᠤ ᠬᠡᠷᠡᠭᠯᠡᠬᠦ ᠲᠡᠷᠭᠡ᠂ ᠵᠢᠵᠢᠭᠦᠷᠯᠡᠬᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠵᠠᠬᠢᠳ᠋ᠡᠯ ᠰᠤᠷᠪᠤᠯᠵᠢᠯᠠᠭ᠎ᠠ ᠵᠡᠷᠭᠡ ᠲᠦ᠋ᠷᠢᠮ ᠲᠤᠭᠳ᠋ᠠᠭᠠᠯ ᠢ ᠰᠠᠢ᠌ᠳ᠋ᠤᠷ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ︔《ᠲᠦ᠋ᠷᠪᠡᠨ ᠰᠤᠷᠳ᠋ᠠᠯ》 ᠢ ᠦᠷᠭᠦᠯᠵᠢᠯᠡᠨ ᠵᠠᠯᠠᠷᠠᠭᠤᠯᠵᠤ ᠰᠢᠨ᠎ᠠ ᠰᠤᠷᠳ᠋ᠠᠯ ᠢ ᠪᠤᠢ ᠪᠤᠯᠭᠠᠨ᠂ ᠪᠤᠳ᠋ᠠᠳ᠋ᠦ ᠦᠢᠯᠡ ᠠᠵᠢᠯᠯᠠᠭ᠎ᠠ ᠪᠠᠷ ᠶᠢᠡᠨ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)