ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠭᠤᠤᠯ ᠰᠡᠳ᠋ᠦᠪᠳ᠋ᠦ ᠨᠠᠮ ᠤᠨ ᠡᠳ᠋ᠦᠷ ᠤᠨ ᠠᠵᠢᠯᠯᠠᠭ᠎ᠠ ᠦᠷᠨᠢᠭᠦᠯᠪᠡ



ᠨᠢ᠋ᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠳᠤ᠂ 《ᠠᠵᠢᠯ ᠤᠨ ᠪᠠᠢ᠌ᠷᠢ ᠳᠤ ᠪᠠᠢ᠌ᠭ᠎ᠠ ᠨᠠᠮ ᠤᠨ ᠭᠡᠰᠢᠭᠦᠨ ᠨᠡᠢ᠌ᠭᠡᠮ ᠲᠤᠭᠤᠷᠢᠭ ᠲᠤ ᠤᠷᠤᠬᠤ》 ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠦ᠋ᠯᠦᠭᠡ᠂ 9 ᠰᠠᠷ᠎ᠠ ᠶᠢᠨ 9 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠯᠦ᠋ᠪᠸᠢ ᠵᠡᠭᠡᠯᠢ ᠭᠤᠳ᠋ᠤᠮᠵᠢ ᠶᠢᠨ ᠰᠢᠩ ᠬᠤᠸᠠ ᠨᠡᠢ᠌ᠭᠡᠮ ᠲᠤᠭᠤᠷᠢᠭ ᠲᠤ ᠬᠦᠷᠴᠦ 《ᠨᠠᠮ ᠤᠨ ᠬᠤᠷᠢᠳ᠋ᠤᠭᠠᠷ ᠶᠡᠬᠡ ᠬᠤᠷᠠᠯ ᠢ ᠪᠠᠶᠠᠷᠯᠠᠨ ᠪᠡᠯᠭᠡᠯᠡᠵᠦ᠂ ᠨᠠᠮ ᠤᠨ ᠠᠴᠢ ᠳᠤ ᠲᠠᠯᠠᠷᠬᠠᠬᠤ》 ᠭᠤᠤᠯ ᠰᠡᠳ᠋ᠦᠪᠳ᠋ᠦ ᠨᠠᠮ ᠤᠨ ᠡᠳ᠋ᠦᠷ ᠤᠨ ᠠᠵᠢᠯᠯᠠᠭ᠎ᠠ ᠦᠷᠨᠢᠭᠦᠯᠦᠨ᠂ ᠠᠮᠢᠳ᠋ᠤᠷᠠᠯ ᠬᠦᠴᠢᠷᠳ᠋ᠡᠯᠳ᠋ᠠᠢ ᠡᠷᠦᠭᠡ ᠳᠤ ᠪᠠᠶᠠᠷ ᠤᠨ ᠡᠳ᠋ᠦᠷ ᠤᠨ ᠮᠡᠨᠳ᠋ᠦᠴᠢᠯᠡᠯ ᠬᠦᠷᠭᠡᠭ᠍ᠰᠡᠨ ᠪᠦᠭᠡᠳ ᠶᠸᠪᠢᠩ᠂ ᠢᠳ᠋ᠡᠰᠢᠨ ᠲᠤᠰᠤ ᠵᠡᠷᠭᠡ ᠠᠮᠢᠳ᠋ᠤᠷᠠᠯ ᠤᠨ ᠡᠳ᠋ ᠪᠤᠳ᠋ᠠᠰ ᠬᠦᠷᠭᠡᠪᠡ᠃ (ᠨᠠᠢ᠌ᠷᠠᠭᠤᠯᠤᠭᠴᠢ᠄ ᠯᠸᠢ ᠫᠠᠩ)