ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠰᠢᠶᠠᠩᠱᠠᠨ ᠪᠠᠯᠭᠠᠰᠤ ᠠᠷᠠᠳ ᠤᠨ ᠲᠦ᠋ᠯᠦᠭᠡᠯᠡᠭ᠍ᠴᠢ ᠶᠢᠨ᠁
ᠰᠢᠶᠠᠩᠱᠠᠨ ᠪᠠᠯᠭᠠᠰᠤ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ ᠵᠠᠬᠢᠳ᠋ᠠᠯ ᠰᠤᠷᠪᠤᠯᠵᠢᠯᠠᠭ᠎ᠠ ᠪᠠ ᠲᠤᠭᠳ᠋ᠠᠭᠤᠨ ᠢ ᠬᠠᠮᠠᠭᠠᠯᠠᠬᠤ ᠠᠵᠢᠯ ᠳᠤ ᠬᠦᠴᠦᠨ ᠨᠡᠮᠡᠷᠢᠯᠡᠵᠦ ᠪᠠᠢ᠌ᠨ᠎ᠠ

       


       


       
        ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠪᠦᠬᠦ ᠪᠠᠯᠭᠠᠰᠤᠨ ᠤ ᠨᠠᠮ ᠪᠠ ᠤᠯᠠᠨ ᠲᠦ᠋ᠮᠡᠨ ᠤ ᠦᠢᠯᠡᠴᠢᠯᠡᠭᠡᠨ ᠤ ᠲᠦ᠋ᠪ ᠲᠤ ᠵᠠᠬᠢᠳ᠋ᠠᠯ ᠰᠤᠷᠪᠤᠯᠵᠢᠯᠠᠭ᠎ᠠ ᠶᠢᠨ ᠬᠦᠯᠢᠶᠡᠨ ᠠᠪᠬᠤ ᠭᠠᠵᠠᠷ ᠪᠠᠢ᠌ᠭᠤᠯᠵᠤ᠂ ᠠᠷᠠᠳ ᠤᠨ ᠲᠦ᠋ᠯᠦᠭᠡᠯᠡᠭ᠍ᠴᠢ ᠲᠤᠭᠳ᠋ᠠᠭᠰᠠᠨ ᠬᠤᠭᠤᠴᠠᠭ᠎ᠠ ᠲᠡᠶ ᠪᠠᠷ ᠵᠠᠬᠢᠳ᠋ᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠲᠤᠭᠳ᠋ᠠᠭᠰᠠᠨ ᠪᠤᠰᠤ ᠬᠤᠭᠤᠴᠠᠭ᠎ᠠ ᠲᠡᠶ ᠪᠠᠷ ᠵᠠᠬᠢᠳ᠋ᠠᠯ ᠰᠤᠷᠪᠤᠯᠵᠢᠯᠭ᠎ᠠ ᠶᠢ ᠬᠦᠯᠢᠶᠡᠨ ᠠᠪᠬᠤ ᠲᠦ᠋ᠷᠢᠮ ᠢ ᠪᠠᠢ᠌ᠭᠤᠯᠤᠨ᠂ ᠵᠠᠬᠢᠳ᠋ᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠨᠠᠢ᠌ᠳ᠋ᠠᠪᠤᠷᠢᠵᠢᠭᠤᠯᠪᠠ᠃ ᠡᠨᠡ ᠨᠢ ᠤᠯᠠᠨ ᠲᠦ᠋ᠮᠡᠨ ᠤ ᠭᠤᠮᠤᠳ᠋ᠠᠯ ᠲᠤᠭᠠᠴᠢᠬᠤ ᠠᠷᠭ᠎ᠠ ᠵᠠᠮ ᠢ ᠦᠷᠭᠡᠳᠭᠡᠨ᠂ ᠨᠡᠢ᠌ᠭᠡᠮ ᠤᠨ ᠵᠠᠬᠢᠳ᠋ᠠᠯ ᠰᠤᠷᠪᠤᠯᠵᠢᠯᠠᠭ᠎ᠠ ᠶᠢᠨ ᠲᠠᠷᠤᠯᠳ᠋ᠠ ᠶᠢ ᠨᠠᠮᠳ᠋ᠠᠭᠤᠯᠤᠭᠰᠠᠨ ᠮᠦ᠋ᠷᠳ᠋ᠡᠭᠡᠨ ᠪᠠᠰᠠ ᠠᠷᠠᠳ ᠤᠨ ᠲᠦ᠋ᠯᠦᠭᠡᠯᠡᠭ᠍ᠴᠢ ᠶᠢᠨ ᠰᠤᠩᠭ᠋ᠤᠭᠤᠯᠢ ᠶᠢᠨ ᠠᠷᠠᠳ ᠲᠡᠶ ᠬᠠᠷᠢᠯᠴᠠᠬᠤ ᠠᠭᠤᠯᠭ᠎ᠠ ᠶᠢ ᠤᠷᠳ᠋ᠤᠳᠬᠠᠨ ᠪᠠᠶᠠᠯᠢᠭᠵᠢᠭᠤᠯᠵᠤ᠂ ᠤᠯᠠᠨ ᠲᠦ᠋ᠮᠡᠨ ᠤ ᠬᠠᠦᠯᠢ ᠶᠤᠰᠤᠨ ᠤ ᠠᠰᠢᠭ ᠲᠤᠰᠠ ᠶᠢ ᠬᠠᠮᠠᠭᠠᠯᠠᠨ᠂ ᠨᠡᠩ ᠴᠦ ᠬᠦᠳ᠋ᠡᠭᠡ ᠲᠤᠰᠬᠤᠨ ᠤ ᠦᠨᠳ᠋ᠦᠰᠦᠨ ᠱᠠᠳ᠋ᠤᠨ ᠤ ᠡᠶ᠎ᠠ ᠵᠤᠬᠢᠴᠠᠩᠭ᠋ᠤᠢ ᠲᠤᠭᠳ᠋ᠠᠭᠤᠨ ᠪᠠᠢ᠌ᠳ᠋ᠠᠯ ᠢ ᠠᠬᠢᠭᠤᠯᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠰᠢᠦᠢ ᠼᠠᠢ ᠲᠤᠰᠬᠤᠨ ᠤ ᠬᠦᠭ᠍ᠵᠢᠯᠳ᠋ᠡ ᠶᠢᠨ ᠲᠦ᠋ᠯᠦᠭᠡ ᠦᠨᠡᠨ ᠰᠡᠳᠭᠢᠯ ᠶᠢᠡᠷ ᠶᠢᠡᠨ ᠠᠷᠠᠳ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ ᠪᠠᠢ᠌ᠭ᠎ᠠ
ᠳᠠᠷᠠᠭᠠᠬᠢ᠄ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠯᠢ ᠵᠤ ᠠᠷᠠᠳ ᠤᠨ ᠲᠦ᠋ᠯᠦᠭᠡ ᠲᠦ᠋ᠯᠦᠭᠡᠯᠡᠭ᠍ᠴᠢ ᠪᠤᠯᠵᠤ ᠠᠷᠠᠳ ᠲᠤ ᠪᠤᠳ᠋ᠠᠳ᠋ᠤ ᠶᠠᠪᠤᠳ᠋ᠠᠯ ᠬᠢᠵᠦ ᠪᠠᠢ᠌ᠭ᠎ᠠ