ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠠᠷᠤᠳ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢ ᠶᠢ ᠲᠦ᠋ᠪᠯᠡᠷᠡᠭᠦᠯᠦᠨ ᠲᠤᠭᠤᠷᠢᠨ ᠪᠠᠢ᠌ᠴᠠᠭᠠᠬᠤ ᠠᠵᠢᠯᠯᠠᠭ᠎ᠠ ᠦᠷᠨᠢᠭᠦᠯᠪᠡ

9 ᠰᠠᠷ᠎ᠠ ᠶᠢᠨ 15 ᠤ ᠡᠳ᠋ᠦᠷ ᠡᠴᠡ 16 ᠤ ᠡᠳ᠋ᠦᠷ ᠪᠤᠯᠳ᠋ᠠᠯ᠎ᠠ᠂ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠵᠢᠢ ᠴᠢᠶᠠᠩ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠶᠢᠡᠷ ᠪᠦᠷᠢᠯᠳ᠋ᠦᠭ᠍ᠰᠡᠨ ᠲᠤᠭᠤᠷᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ᠂ ᠵᠠᠷᠤᠳ ᠬᠤᠰᠢᠭᠤᠨ ᠤ ᠠᠭᠤᠯᠠ ᠤᠰᠤ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠢᠨᠧᠷᠢᠩ ᠤᠨ ᠠᠬᠢᠴᠠ ᠶᠢᠨ ᠪᠠᠢ᠌ᠳ᠋ᠠᠯ ᠢ ᠲᠦ᠋ᠪᠯᠡᠷᠡᠭᠦᠯᠦᠨ ᠲᠤᠭᠤᠷᠢᠨ ᠪᠠᠢ᠌ᠴᠠᠭᠠᠪᠠ᠃ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠢᠦᠢ ᠹᠸᠩ᠂ ᠯᠢ ᡁᠢ ᠭᠠᠩ᠂ ᠴᠸᠩ ᡁᠢ ᠹᠸᠩ᠂ ᠬᠤᠳ᠋ᠠ ᠶᠢᠨ ᠵᠠᠰᠠᠭ ᠤᠨ ᠤᠷᠳ᠋ᠤᠨ ᠤ ᠲᠡᠳ᠋ ᠲᠠᠷᠤᠭ᠎ᠠ ᠵᠦ᠋ᠩ ᠸᠸᠢ ᠬᠤᠸᠠ ᠪᠤᠯᠤᠨ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠱᠢ ᠡᠾᠸᠦ ᠴᠦ᠋ᠨ ᠲᠤᠭᠤᠷᠢᠨ ᠪᠠᠢ᠌ᠴᠠᠭᠠᠯᠳ᠋ᠠ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠯᠢᠦ ᠶᠤᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠼᠦ᠋ᠢ ᠯᠸᠢ ᠯᠸᠢ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃
ᠵᠢᠢ ᠴᠢᠶᠠᠩ ᠨᠡᠷ ᠤᠷᠢᠳ ᠬᠤᠵᠢᠳ ᠭᠠᠳ᠋ᠠᠰᠤ ᠦᠷᠡᠰ ᠮᠠᠯᠵᠢᠯ ᠤᠨ ᠲᠠᠯᠠᠪᠠᠢ᠂ ᠯᠤ ᠳ᠋ᠦ᠋ᠩ ᠤᠢ ᠰᠢᠭᠤᠢ ᠶᠢᠨ ᠲᠠᠯᠠᠪᠠᠢ᠂ ᠲᠤᠯᠤᠳ᠋ᠤ ᠰᠤᠮᠤ ᠶᠢᠨ ᠪᠤᠯᠠᠭᠳ᠋ᠤ ᠭᠠᠴᠠᠭᠠᠨ ᠳᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠰᠤᠳ᠋ᠤᠯᠬᠤ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ ᠪᠦᠬᠦ ᠬᠤᠰᠢᠭᠤᠨ ᠤ ᠰᠡᠢ᠌ᠷᠡᠭ᠌ ᠤᠢ᠌ᠳ᠋ᠤ ᠨᠤᠳ᠋ᠤᠭ ᠪᠡᠯᠴᠢᠭᠡᠷ ᠤᠨ ᠡᠯᠡᠰᠦᠷᠭᠡᠭ᠍ᠵᠢᠭ᠍ᠰᠡᠨ ᠭᠠᠵᠠᠷ ᠰᠢᠷᠤᠢ ᠶᠢ ᠶᠡᠷᠦᠩᠬᠡᠢ᠌ᠯᠡᠨ ᠰᠡᠷᠭᠦᠭᠡᠬᠦ᠂ ᠪᠡᠯᠴᠢᠭᠡᠷᠯᠡᠭᠦᠯᠬᠦ ᠶᠢ ᠵᠤᠭᠰᠤᠭᠠᠵᠤ ᠰᠡᠷᠭᠦᠭᠡᠬᠦ᠂ ᠧᠦ᠋ᠷᠦᠫᠠ ᠲᠢᠪ ᠤᠨ ᠪᠡᠯᠡ ᠤᠷᠤᠭᠤᠯᠤᠯᠳ᠋ᠠ ᠶᠢᠨ ᠪᠠᠩᠭᠢ ᠶᠢᠨ ᠵᠢᠭᠡᠯᠡᠯᠭᠡ ᠪᠠᠷ ᠤᠢ᠌ᠵᠢᠭᠤᠯᠬᠤ᠂ ᠤᠰᠤᠨ ᠤ ᠡᠬᠢ ᠰᠤᠷᠪᠤᠯᠵᠢ ᠶᠢ ᠬᠠᠳ᠋ᠠᠭᠠᠯᠠᠬᠤ ᠤᠷᠤᠨ ᠤ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠵᠡᠷᠭᠡ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠢ ᠨᠠᠷᠢᠨ ᠤᠢ᠌ᠯᠠᠭᠠᠪᠠ᠃

ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠤᠯᠳ᠋ᠠ ᠬᠢᠵᠤ ᠲᠠᠭᠤᠰᠤᠭᠰᠠᠨ ᠤ ᠲᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠵᠢᠢ ᠴᠢᠶᠠᠩ ᠡᠴᠡ᠂ ᠠᠭᠤᠯᠠ ᠤᠰᠤ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠭᠦᠨᠵᠡᠭᠡᠢ ᠠᠬᠢᠭᠤᠯᠬᠤ ᠪᠤᠯ ᠰᠢ ᠵᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠭᠤᠯᠤᠨ ᠨᠠᠢ᠌ᠳ᠋ᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠳ᠋ᠠ ᠪᠠ ᠴᠢᠨᠠᠷ ᠰᠠᠢ᠌ᠳ᠋ᠠᠢ ᠬᠦᠭ᠍ᠵᠢᠯᠳ᠋ᠡ ᠶᠢᠨ ᠪᠠᠢ᠌ᠯᠳ᠋ᠤᠬᠤ ᠪᠤᠳ᠋ᠤᠯᠭ᠎ᠠ ᠶᠢ ᠬᠡᠷᠡᠭ᠍ᠵᠢᠭᠦᠯᠬᠦ ᠪᠤᠳ᠋ᠠᠳ᠋ᠠᠢ ᠦᠢᠯᠡᠳ᠋ᠦᠯᠭᠡ ᠮᠦ᠋ᠨ᠃ ᠠᠭᠤᠯᠠ ᠤᠰᠤ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠴᠢᠬᠤᠯᠠ ᠠᠴᠢ ᠬᠤᠯᠪᠤᠭᠳ᠋ᠠᠯ ᠢ ᠭᠦᠨᠵᠡᠭᠡᠢ ᠲᠠᠨᠢᠨ ᠤᠢ᠌ᠯᠠᠭᠠᠵᠤ᠂ ᠠᠵᠢᠯ ᠤᠨ ᠬᠠᠷᠢᠭᠤᠴᠠᠯᠭᠠᠳ᠋ᠤ ᠰᠡᠳᠭᠢᠯᠭᠡ ᠪᠠ ᠡᠭᠦᠷᠭᠡᠳ᠋ᠦ ᠪᠤᠳ᠋ᠤᠯ ᠶᠢᠡᠨ ᠦᠨᠡᠨᠬᠦ ᠴᠢᠩᠭ᠋ᠠᠳᠬᠠᠨ᠂ ᠠᠭᠤᠯᠠ ᠤᠰᠤ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠶᠢ ᠢᠳ᠋ᠡᠪᠬᠢᠳ᠋ᠠᠢ ᠠᠬᠢᠭᠤᠯᠵᠤ᠂ ᠪᠠᠷᠢᠯᠭ᠎ᠠ ᠶᠢᠨ ᠲᠦ᠋ᠰᠦᠯ ᠶᠤᠰᠤᠭᠠᠷ᠂ ᠦᠨᠳ᠋ᠦᠷ ᠪᠠᠷᠢᠮᠵᠢᠶ᠎ᠠ᠂ ᠴᠢᠨᠠᠷ ᠰᠠᠢ᠌ᠳ᠋ᠠᠢ ᠪᠠᠷ ᠲᠦ᠋ᠷᠦᠯ ᠵᠦ᠋ᠢᠯ ᠤᠨ ᠡᠯ᠎ᠠ ᠵᠦ᠋ᠢᠯ ᠤᠨ ᠠᠵᠢᠯ ᠢ ᠰᠠᠢ᠌ᠳ᠋ᠤᠷ ᠬᠢᠭᠦ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃
ᠬᠣᠷᠠᠯ ᠲᠡᠭᠡᠷ᠎ᠠ᠂ ᠵᠦ᠋ᠩ ᠸᠸᠢ ᠬᠤᠸᠠ ᠡᠴᠡ ᠪᠦᠬᠦ ᠬᠤᠳ᠋ᠠ ᠶᠢᠨ ᠠᠭᠤᠯᠠ ᠤᠰᠤ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠢᠨᠧᠷᠢᠩ ᠤᠨ ᠲᠦ᠋ᠷᠦᠯ ᠵᠦ᠋ᠢᠯ ᠪᠤᠯᠤᠨ ᠧᠦ᠋ᠷᠦᠫᠠ ᠲᠢᠪ ᠤᠨ ᠪᠡᠯᠡ ᠤᠷᠤᠭᠤᠯᠤᠯᠳ᠋ᠠ ᠶᠢᠨ ᠪᠠᠩᠭᠢ ᠶᠢᠨ ᠵᠢᠭᠡᠯᠡᠯᠭᠡ ᠪᠠᠷ ᠤᠢ᠌ᠵᠢᠭᠤᠯᠬᠤ 《ᠬᠤᠷᠴᠢᠨ ᠤ ᠡᠯᠡᠰᠦ ᠮᠠᠩᠬ᠎ᠠ ᠶᠢ ᠶᠡᠷᠦᠩᠬᠡᠢ᠌ᠯᠡᠨ ᠵᠠᠰᠠᠬᠤ》 ᠢᠨᠵᠢᠨᠧᠷᠢᠩ ᠤᠨ ᠲᠦ᠋ᠷᠦᠯ ᠵᠦ᠋ᠢᠯ ᠶᠢᠨ ᠠᠬᠢᠴᠠ ᠶᠢᠨ ᠪᠠᠢ᠌ᠳ᠋ᠠᠯ ᠢ ᠬᠠᠷᠢᠭᠤ ᠮᠡᠳ᠋ᠡᠭᠦᠯᠪᠡ ᠃ ᠯᠢᠤ ᠶᠤᠤ ᠵᠢᠴᠢ ᠬᠤᠷᠴᠢᠨ ᠵᠡᠭᠦᠨ ᠭᠠᠷᠤᠨ ᠬᠤᠢ᠌ᠳ᠋ᠤ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠭᠦᠳ ᠲᠤᠰ ᠲᠤᠰ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠡᠯᠡᠰᠦ ᠮᠠᠩᠬ᠎ᠠ ᠶᠢᠨ ᠲᠦ᠋ᠷᠦᠯ ᠵᠦ᠋ᠢᠯ ᠤᠨ ᠪᠠᠢ᠌ᠭᠤᠯᠤᠯᠳ᠋ᠠ ᠶᠢ ᠬᠠᠷᠢᠭᠤ ᠮᠡᠳ᠋ᠡᠭᠦᠯᠪᠡ᠃
ᠬᠤᠷᠠᠯ ᠳᠤ ᠤᠷᠤᠯᠴᠠᠭᠰᠡᠳ ᠪᠦᠬᠦ ᠬᠤᠳ᠋ᠠ ᠶᠢᠨ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠡᠯᠡᠰᠦ ᠮᠠᠩᠬ᠎ᠠ ᠶᠢᠨ ᠠᠵᠢᠯ ᠢ ᠨᠡᠩ ᠰᠠᠢ᠌ᠨ ᠠᠬᠢᠭᠤᠯᠬᠤ ᠶᠢᠨ ᠲᠤᠭᠤᠷᠢᠨ ᠳᠤ ᠰᠠᠢ᠌ᠨ ᠰᠠᠢ᠌ᠠᠬᠨ ᠰᠠᠨᠠᠯ ᠰᠠᠨᠠᠭᠤᠯᠭ᠎ᠠ ᠲᠤᠷᠠᠳᠪᠠ᠃ ᠬᠤᠷᠠᠯ ᠲᠡᠭᠡᠷ᠎ᠠ ᠪᠠᠰᠠ ᠬᠤᠷᠴᠢᠨ ᠤ ᠲᠠᠯ᠎ᠠ ᠨᠤᠳ᠋ᠤᠭ ᠤᠨ ᠤᠢ ᠮᠤᠳ᠋ᠤ ᠭᠠᠵᠠᠷ ᠲᠠᠷᠢᠶ᠎ᠠ ᠨᠠᠭᠤᠷ ᠪᠦᠷᠢᠳ᠋ᠦ ᠨᠤᠳ᠋ᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠢᠨᠧᠷᠢᠩ ᠤᠨ ᠲᠦ᠋ᠷᠦᠯ ᠵᠦ᠋ᠢᠯ ᠤᠨ ᠪᠠᠢ᠌ᠭᠤᠯᠤᠯᠳ᠋ᠠ ᠶᠢᠨ ᠲᠤᠰᠬᠠᠢ ᠰᠡᠳ᠋ᠤᠪᠳ᠋ᠦ ᠹᠢᠯᠢᠮ ᠢ ᠦᠵᠡᠪᠡ᠃ (ᠨᠠᠢ᠌ᠷᠠᠭᠤᠯᠤᠭᠴᠢ᠄ ᠯᠸᠢ ᠫᠠᠩ)