ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ᠁
ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ 《ᠲᠦ᠋ᠩᠯᠢᠶᠤᠤ ᠬᠤᠳ᠋ᠠ ᠶᠢᠨ ᠮᠤᠩᠭ᠋ᠤᠯ ᠦᠨᠳ᠋ᠦᠰᠦᠳ᠋ᠡᠨ ᠤ ᠲᠠᠭᠤᠤ ᠬᠦᠭ᠍ᠵᠢᠮ ᠤᠨ ᠲᠦ᠋ᠷᠦᠯ ᠤᠨ ᠪᠤᠳ᠋ᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳ᠋ᠠ ᠶᠢᠨ ᠲᠦ᠋ᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ

       
        9 ᠰᠠᠷ᠎ᠠ ᠶᠢᠨ 16 ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ 《ᠲᠦ᠋ᠩᠯᠢᠶᠤᠤ ᠬᠤᠳ᠋ᠠ ᠶᠢᠨ ᠮᠤᠩᠭ᠋ᠤᠯ ᠦᠨᠳ᠋ᠦᠰᠦᠳ᠋ᠡᠨ ᠤ ᠲᠠᠭᠤᠤ ᠬᠦᠭ᠍ᠵᠢᠮ ᠤᠨ ᠲᠦ᠋ᠷᠦᠯ ᠤᠨ ᠪᠤᠳ᠋ᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳ᠋ᠠ ᠶᠢᠨ ᠲᠦ᠋ᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠵᠢᠴᠢ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠪᠠᠷ᠎ᠠ ᠪᠤᠯᠪᠠ᠃

        
        ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠦᠯᠢᠭᠡᠷ ᠤᠨ ᠮᠦ᠋ᠽᠸᠢ ᠶᠢᠨ ᠤᠷᠳ᠋ᠤᠨ᠂ ᠵᠠᠷᠤᠳ ᠬᠤᠰᠢᠭᠤᠨ ᠤ ᠪᠤᠳ᠋ᠠᠰ ᠤᠨ ᠪᠤᠰᠤ ᠰᠤᠶᠤᠯ ᠤᠨ ᠦᠪ ᠤᠨ ᠤᠷᠳ᠋ᠤᠨ᠂ ᠬᠠᠳᠬᠤᠮᠡᠯ ᠤᠨ ᠤᠷᠳ᠋ᠤᠨ᠂ ᠰᠤᠶᠤᠯ ᠤᠨ ᠤᠷᠳ᠋ᠤᠨ ᠪᠤᠯᠤᠨ ᠭᠠᠳ᠋ᠠᠰᠤ ᠦᠷᠡᠰ ᠮᠠᠯᠵᠢᠯ ᠤᠨ ᠲᠠᠯᠠᠪᠠᠢ ᠶᠢᠨ ᠮᠤᠩᠭ᠋ᠤᠯ ᠤᠨᠴᠠᠯᠢᠭᠳ᠋ᠤ ᠦᠨᠳ᠋ᠦᠰᠦᠳ᠋ᠡᠨ ᠤ ᠲᠠᠭᠤᠤ ᠬᠦᠭ᠍ᠵᠢᠮ ᠤᠨ ᠦᠢᠯᠡᠳᠪᠦᠷᠢ ᠳᠤ ᠬᠦᠷᠴᠦ᠂ ᠲᠤᠬᠠᠢ ᠶᠢᠨ ᠲᠠᠯᠠᠪᠤᠷ ᠢ ᠲᠤᠭᠤᠷᠢᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠮᠠᠨ ᠤ ᠬᠤᠰᠢᠭᠤᠨ ᠤ ᠮᠤᠩᠭ᠋ᠤᠯ ᠦᠨᠳ᠋ᠦᠰᠦᠳ᠋ᠡᠨ ᠤ ᠲᠠᠭᠤᠤ ᠬᠦᠭ᠍ᠵᠢᠮ ᠤᠨ ᠲᠦ᠋ᠷᠦᠯ ᠤᠨ ᠪᠤᠳ᠋ᠠᠰ ᠤᠨ ᠪᠤᠰᠣ ᠰᠤᠶᠤᠯ ᠤᠨ ᠦᠪ ᠤᠨ ᠤᠯᠠᠮᠵᠢᠯᠡᠯ ᠪᠠ ᠬᠦᠭ᠍ᠵᠢᠯᠳ᠋ᠡ ᠶᠢᠨ ᠪᠠᠢ᠌ᠳ᠋ᠠᠯ ᠢ ᠨᠠᠷᠢᠨ ᠤᠢ᠌ᠯᠠᠭᠠᠪᠠ᠃

         
      ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠡᠴᠡ᠂ ᠵᠠᠷᠤᠳ ᠬᠤᠰᠢᠭᠤ ᠪᠤᠳ᠋ᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠡᠴᠡ ᠪᠠᠨ ᠡᠭᠦᠷᠭᠡᠯᠡᠨ᠂《ᠬᠠᠮᠠᠭᠠᠯᠠᠬᠤ ᠪᠠᠷ ᠭᠤᠤᠯ ᠪᠤᠯᠭᠠᠨ᠂ ᠠᠪᠤᠷᠠᠬᠤ ᠶᠢ ᠲᠡᠷᠢᠭᠦᠨ ᠳ᠋ᠤ ᠲᠠᠯᠪᠢᠵᠤ᠂ ᠵᠦ᠋ᠢ ᠵᠤᠬᠢᠰᠳ᠋ᠠᠢ ᠠᠰᠢᠭᠯᠠᠨ᠂ ᠤᠯᠠᠮᠵᠢᠯᠡᠨ ᠵᠠᠯᠭᠠᠮᠵᠢᠯᠡᠵᠦ ᠬᠦᠭ᠍ᠵᠢᠭᠦᠯᠬᠦ》 ᠵᠠᠷᠴᠢᠮ ᠢ ᠢᠮᠠᠭᠳ᠋ᠠ ᠪᠠᠷᠢᠮᠳ᠋ᠠᠯᠠᠵᠤ᠂ ᠪᠤᠳ᠋ᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠪᠠ ᠤᠯᠠᠮᠵᠢᠯᠡᠨ ᠵᠠᠯᠭᠠᠮᠵᠢᠯᠠᠬᠤ ᠠᠵᠢᠯ ᠢ ᠢᠳ᠋ᠡᠪᠬᠢᠳ᠋ᠠᠢ ᠦᠷᠨᠢᠭᠦᠯᠬᠦ ᠬᠡᠷᠡᠭ᠍ᠳ᠋ᠠᠢ᠃ ᠪᠤᠳ᠋ᠠᠰ ᠤᠨ ᠪᠤᠰᠤ ᠰᠤᠶᠤᠯ ᠤᠨ ᠦᠪ ᠤᠨ ᠰᠤᠶᠤᠯ ᠤᠨ ᠤᠬᠠᠭᠤᠯᠭ᠎ᠠ ᠶᠢᠨ ᠠᠵᠢᠯ ᠢ ᠴᠢᠩᠭ᠋ᠠᠳᠬᠠᠨ᠂ ᠸᠢᠴᠠᠲ ᠨᠡᠢ᠌ᠳ᠋ᠡ ᠶᠢᠨ ᠳ᠋ᠤᠭᠠᠷ᠂ ᠴᠤᠤᠷᠢᠶ᠎ᠠ ᠤᠬᠤᠷ ᠹᠢᠯᠢᠮ ᠵᠡᠷᠭᠡ ᠰᠢᠨ᠎ᠠ ᠵᠠᠭᠤᠴᠢᠯᠠᠭᠤᠷ ᠪᠠᠷ ᠲᠠᠮᠵᠢᠨ ᠪᠤᠳ᠋ᠠᠰ ᠤᠨ ᠪᠤᠰᠤ ᠰᠤᠶᠤᠯ ᠤᠨ ᠦᠪ᠂ ᠪᠤᠳ᠋ᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠤᠬᠠᠭᠤᠯᠭ᠎ᠠ ᠶᠢ ᠴᠢᠩᠭ᠋ᠠᠳᠬᠠᠵᠤ᠂ ᠮᠤᠩᠭ᠋ᠤᠯ ᠦᠨᠳ᠋ᠦᠰᠦᠳ᠋ᠡᠨ ᠤ ᠲᠠᠭᠤᠤ ᠭᠦᠭ᠍ᠵᠢᠮ ᠤᠨ ᠲᠦ᠋ᠷᠦᠯ ᠤᠨ ᠪᠤᠳ᠋ᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠪᠠ ᠴᠢᠬᠤᠯᠠᠴᠢᠯᠠᠬᠤ ᠰᠤᠶᠤᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭ᠍ᠳ᠋ᠠᠢ᠃ ᠪᠤᠳ᠋ᠠᠰ ᠤᠨ ᠪᠤᠰᠤ ᠰᠤᠶᠤᠯ ᠤᠨ ᠦᠪ ᠤᠨ ᠲᠦ᠋ᠷᠦᠯ ᠵᠦ᠋ᠢᠯ ᠤᠨ ᠪᠤᠯᠪᠠᠰᠤᠷᠠᠯ ᠤᠨ ᠠᠵᠢᠯ ᠢ ᠦᠷᠨᠢᠭᠦᠯᠦᠨ᠂ ᠨᠢᠭᠡ ᠪᠦᠯᠦᠭ᠌ ᠰᠢᠯᠢᠳ᠋ᠡᠭ᠌ ᠦᠨᠳ᠋ᠦᠰᠦᠨ ᠱᠠᠳ᠋ᠤᠨ ᠤ ᠪᠤᠳ᠋ᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠠᠵᠢᠯ ᠤᠨ ᠭᠤᠤᠯᠯᠠᠭᠴᠢ ᠪᠠ ᠠᠷᠠᠳ ᠤᠨ ᠲᠤᠮᠳ᠋ᠠᠬᠢ ᠪᠤᠳ᠋ᠠᠰ ᠤᠨ ᠪᠤᠰᠤ ᠰᠤᠶᠤᠯ ᠤᠨ ᠦᠪ ᠤᠨ ᠲᠦ᠋ᠷᠦᠯ ᠵᠦ᠋ᠢᠯ ᠤᠨ ᠵᠠᠯᠭᠠᠮᠵᠢᠯᠠᠭᠴᠢ ᠶᠢ  ᠢᠯᠡᠷᠡᠭᠦᠯᠦᠨ ᠪᠤᠯᠪᠠᠰᠤᠷᠠᠭᠤᠯᠵᠤ᠂ ᠮᠤᠩᠭ᠋ᠤᠯ ᠦᠨᠳ᠋ᠦᠰᠦᠳ᠋ᠡᠨ ᠤ ᠲᠠᠭᠤᠤ ᠬᠥᠭᠵᠢᠮ ᠤᠨ ᠲᠦ᠋ᠷᠦᠯ ᠤᠨ ᠪᠤᠳ᠋ᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠵᠠᠯᠭᠠᠮᠵᠢᠯᠠᠵᠤ ᠬᠦᠭ᠍ᠵᠢᠭᠦᠯᠬᠦ ᠳᠤ ᠨᠡᠩ ᠤᠯᠠᠨ ᠴᠢᠳ᠋ᠠᠪᠤᠷᠢᠳ᠋ᠠᠨ ᠤ ᠪᠠᠳ᠋ᠤᠯᠠᠭ᠎ᠠ ᠬᠠᠩᠭ᠋ᠠᠵᠤ ᠦᠭ‍ᠬᠦ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠠᠷᠤᠳ ᠬᠤᠰᠢᠭᠤᠨ ᠳᠤ ᠢᠷᠡᠵᠦ ᠠᠷᠠᠳ ᠤᠨ ᠲᠦ᠋ᠯᠦᠭᠡᠯᠡᠭ᠍ᠴᠢ ᠶᠢ ᠲᠦ᠋ᠪᠯᠡᠷᠡᠭᠦᠯᠦᠨ ᠲᠤᠭᠤᠷᠢᠨ ᠪᠠᠢ᠌ᠴᠠᠭᠠᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠰᠢᠶᠠᠩᠱᠠᠨ ᠪᠠᠯᠭᠠᠰᠤᠨ ᠳᠤ ᠬᠦᠷᠴᠦ ᠪᠠᠢ᠌ᠴᠠᠭᠠᠨ ᠰᠤᠳ᠋ᠤᠯᠪᠠ